ᠲᠠᠶᠢᠹᠤᠰᠧ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2022/6/17
   6 ᠰᠠᠷ᠎ᠠ ᠶᠢᠨ 16 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠪᠠ᠃  ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠶᠠᠩ ᠶᠢᠨ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠤᠨ ᠵᠥᠪᠯᠡᠬᠦ ᠵᠦᠢᠯ ︵ᠲᠥᠰᠥᠯ︶ ᠢ ᠬᠢᠨᠠᠨ ᠵᠥᠪᠯᠡᠵᠦ ᠪᠠᠳᠤᠯᠠᠭᠰᠠᠨ ᠪᠦᠭᠡᠳ ︽ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ︾ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ︽ᠰᠤᠮᠤ ᠰᠢᠶᠠᠩ  ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ︾ ᠤᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠬᠢᠨᠠᠨ ᠵᠦᠪᠯᠡᠭᠰᠡᠨ ᠪᠠᠶᠢᠨ᠎ᠠ᠃ ᠶᠠᠩ ᠶᠢᠨ ᠮᠢᠩ ᠳᠡᠭᠡᠷ᠎ᠡ ᠬᠠᠭᠠᠰ ᠵᠢᠯ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠲᠣᠪᠴᠢ ᠮᠡᠳᠡᠭᠦᠯᠦᠯᠲᠡ ᠬᠢᠬᠦ ᠶᠢᠨ ᠬᠠᠮᠲᠤ  ᠂ ᠳᠣᠣᠷ᠎ᠠ ᠬᠠᠭᠠᠰ ᠵᠢᠯ ᠤᠨ ᠠᠵᠢᠯ ᠳᠤ ᠪᠠᠶᠢᠷᠢᠯᠠᠭᠤᠯᠤᠯᠳᠠ ᠬᠢᠵᠡᠢ᠃ ᠲᠡᠷᠡ ᠶᠠᠷᠢᠶᠠᠨ ᠳᠠᠭᠠᠨ᠂ ᠪᠠᠶᠢᠭᠤᠯᠭ᠎ᠠ   ᠶᠢᠨ ᠨᠠᠮ ᠤᠨ ᠪᠠᠶᠢᠭᠤᠯᠤᠯᠲᠠ ᠪᠣᠯᠣᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠬᠦᠯᠵᠢᠯᠡᠨ ᠰᠠᠶᠢᠲᠤᠷ ᠠᠳᠬᠤᠵᠤ᠂ ᠤᠯᠤᠰ ᠲᠥᠷᠥ   ᠶᠢᠨ ᠵᠥᠪᠯᠡᠯᠭᠡᠨ ᠤ ᠪᠠᠶᠢᠭᠤᠯᠭ᠎ᠠ ᠶᠢᠨ ᠵᠣᠬᠢᠶᠠᠨ ᠪᠠᠶᠢᠭᠤᠯᠤᠯᠲᠠ᠂ ᠰᠠᠬᠢᠯᠭ᠎ᠠ ᠪᠠᠲᠤ ᠪᠣᠯᠣᠨ ᠰᠤᠷᠲᠠᠯ ᠤᠨ ᠪᠠᠶᠢᠭᠤᠯᠤᠯᠲᠠ   ᠶᠢ ᠶᠡᠭᠡ ᠪᠠᠷ ᠴᠢᠩᠭᠠᠳᠬᠠᠬᠤ ᠬᠡᠷᠡᠭᠲᠡᠢ᠃ ᡽ᠨᠢᠭᠡᠨᠲᠡ ᠲᠣᠭᠲᠠᠭᠠᠭᠰᠠᠨ ᠰᠡᠳᠦᠪ ᠤᠨ ᠪᠠᠶᠢᠴᠠᠭᠠᠨ ᠦᠵᠡᠬᠦ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠭᠡᠰᠢᠭᠦᠳ ᠤᠨ ︽ᠵᠠᠰᠠᠭ ᠤᠨ ᠶᠠᠪᠤᠳᠠᠯ ᠢ  ᠵᠦᠪᠯᠡᠬᠦ᠂ ᠰᠠᠨᠠᠯ ᠲᠤᠷᠠᠳᠤᠯᠭ᠎ᠠ ᠳᠤᠷᠠᠳᠬᠤ᠂ ᠠᠷᠠᠳ ᠤᠨ ᠰᠠᠨᠠᠭ᠎ᠠ ᠶᠢ ᠲᠤᠰᠬᠠᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ︾ ᠦᠢᠯᠡᠳᠦᠯ ᠢ ᠤᠯᠠᠮ ᠰᠠᠶᠢᠨ ᠪᠠᠳᠠᠷᠠᠭᠤᠯᠬᠤ ᠬᠡᠷᠡᠭᠲᠡᠢ᠃ ᠰᠠᠨᠠᠯ ᠲᠤᠷᠠᠳᠤᠯᠭ᠎ᠠ ᠬᠦᠢᠴᠡᠳᠭᠡᠬᠦ ᠵᠢᠴᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠢ ᠰᠠᠶᠢᠲᠤᠷ ᠠᠳᠬᠤᠵᠤ᠂   ᠮᠡᠳᠡᠭᠡ ᠵᠠᠩᠭᠢ  ᠶᠢᠨ ᠴᠤᠭᠯᠠᠭᠤᠯᠬᠤ᠂ ᠲᠤᠰᠬᠠᠬᠤ᠂ ᠰᠢᠢᠳᠪᠦᠷᠢᠯᠡᠬᠦ᠂  ᠬᠠᠷᠢᠭᠤᠯᠬᠤ ᠪᠦᠷᠢᠨ ᠲᠥᠬᠦᠷ ᠲᠣᠭᠲᠠᠴᠠ ᠶᠢ ᠪᠠᠶᠢᠭᠤᠯᠤᠨ᠂ ᠤᠯᠠᠨ ᠲᠦᠮᠡᠨ ᠤ ᠰᠡᠳᠬᠢᠯ ᠤᠨ  ᠲᠠᠭᠤᠨ ᠢ ᠤᠯᠠᠮᠵᠢᠯᠠᠬᠤ᠂ ᠨᠠᠮ ᠵᠠᠰᠠᠭ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠬᠦ ᠡᠬᠦᠷᠭᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠬᠦ ᠬᠡᠷᠡᠭᠲᠡᠢ᠃ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ  ᠴᠢᠩᠭᠠᠳᠬᠠᠵᠤ᠂  ᠪᠦᠭᠦ ᠬᠤᠰᠢᠭᠤᠨ ᠤ ᠡᠯ᠎ᠡ ᠲᠦᠷᠦᠯ ᠤᠨ ᠠᠵᠢᠯ  ᠤᠨ ᠡᠬᠢᠯᠡᠭᠰᠡᠨ ᠪᠠᠶᠢᠳᠠᠯ᠂ ᠭᠤᠣᠯᠳᠠᠯᠭ᠎ᠠ ᠲᠠᠢ ᠲᠦᠷᠦᠯ ᠵᠦᠢᠯ᠂ ᠪᠦᠭᠦ ᠲᠠᠯ᠎ᠠ ᠶᠢᠨ ᠴᠢᠨᠠᠷᠲᠠᠢ ᠠᠰᠠᠭᠤᠳᠠᠯ ᠢ ᠰᠢᠢᠳᠪᠦᠷᠢᠯᠡᠵᠦ ᠪᠠᠶᠢᠭ᠎ᠠ ᠪᠠᠶᠢᠳᠠᠯ ᠪᠠ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠴᠢᠬᠤᠯᠠ ᠠᠰᠠᠭᠤᠳᠠᠯ ᠳᠤ ᠬᠢᠨᠠᠯᠲᠠ ᠲᠠᠯᠪᠢᠵᠤ᠂ ᠪᠦᠭᠦ ᠬᠤᠰᠢᠭᠤᠨ ᠤ ᠭᠤᠤᠳᠠᠯᠭᠠᠳᠠᠢ ᠠᠵᠢᠯ  ᠤᠨ ᠰᠠᠶᠢᠳᠤᠷ ᠨᠠᠶᠢᠳᠠᠪᠤᠷᠢᠵᠢᠬᠤ ᠶᠢ ᠠᠬᠢᠭᠤᠯᠬᠤ ᠭᠡᠷᠡᠭᠳᠡᠢ᠃  ᠤᠯᠤᠰ ᠲᠦᠷᠦ ᠶᠢᠨ ᠵᠥᠪᠯᠡᠯᠭᠡᠨ ᠤ ᠬᠤᠯᠪᠣᠭ᠎ᠠ ᠠᠪᠬᠤ ᠳᠤᠭᠤᠶᠢᠯᠠᠩ ᠪᠠ ᠤᠯᠤᠰ ᠲᠦᠷᠦ ᠶᠢᠨ ᠵᠦᠪᠯᠡᠯᠬᠡᠨ ᠭᠡᠰᠢᠭᠦᠳ ᠲᠠᠢ ᠬᠠᠷᠢᠴᠠᠬᠤ ᠠᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ  ᠠᠵᠢᠯ ᠰᠤᠷᠤᠯᠴᠠᠯᠭ᠎ᠠ ᠠᠮᠢᠳᠤᠷᠠᠯ ᠤᠨ ᠪᠠᠶᠢᠳᠠᠯ ᠢ ᠤᠶᠢᠯᠠᠭᠠᠨ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠲᠡᠳᠡᠨ ᠤ ᠰᠠᠨᠠᠯ ᠰᠠᠨᠠᠭᠤᠯᠭ᠎ᠠ ᠶᠢ ᠰᠣᠨᠣᠰᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠬᠠᠮᠢᠭ᠎ᠠ ᠬᠦᠷᠲᠡᠯ᠎ᠡ ᠠᠬᠢᠭᠰᠠᠨ ᠪᠤᠯ ᠤᠯᠤᠰ ᠲᠦᠷᠦ ᠶᠢᠨ ᠵᠥᠪᠯᠡᠯᠭᠡᠨ ᠤ ᠠᠵᠢᠯ ᠲᠡᠨᠳᠡ ᠬᠦᠷᠲᠡᠯ᠎ᠡ ᠤᠷᠤᠭᠰᠢᠯᠠᠬᠤ ᠶᠡᠷᠦᠩᠬᠡᠢ ᠣᠶᠢᠯᠠᠭᠠᠭᠳᠠᠬᠤᠨ ᠢ ᠪᠤᠢ ᠪᠣᠯᠭᠠᠵᠤ᠂ ᠡᠩᠨᠡᠭᠡᠨ ᠤ ᠬᠡᠪ ᠴᠢᠨᠠᠷ ᠢ ᠲᠠᠰᠤᠷᠠᠯᠳᠠ ᠦᠭᠡᠢ  ᠲᠡᠭᠡᠭᠰᠢᠯᠡᠬᠦᠯᠦᠨ᠂ ᠤᠯᠤᠰ ᠲᠦᠷᠦ ᠶᠢᠨ ᠵᠥᠪᠯᠡᠯᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠵᠣᠣ ᠶᠦᠩ ᠬᠤᠷᠠᠯ ᠡᠷᠭᠢᠯᠡᠵᠦ᠂ ᠯᠢᠦ ᠲᠢᠩ ᠰᠢᠸ᠂ ᠢᠦᠢ ᠴᠧᠩ ᠭᠦᠸᠧ ᠵᠢᠴᠢ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠬᠤᠷᠠᠯ ᠳᠤ ᠤᠷᠤᠯᠴᠠᠨ᠂ ᠬᠠᠮᠢᠶ᠎ᠠ ᠪᠦᠬᠦᠢ ᠲᠤᠰᠬᠠᠢ ᠵᠥᠪᠯᠡᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号