ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠴᠢᠨᠠᠭᠰᠢᠳᠠ | ᠪᠡᠭᠡᠵᠢᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠶᠠᠳᠠᠭᠤ | ᠬᠦᠴᠢᠷᠳᠡᠯᠲᠡᠢ ᠭᠡᠷ ᠪᠦᠯᠢ ᠶᠢᠨ ᠬᠡᠦᠬᠡᠳ ᠪᠠᠭᠠᠴᠤᠳ ᠢ ᠬᠠᠶᠢᠷᠠᠯᠠᠨ ᠬᠠᠯᠠᠮᠵᠢᠯᠠᠵᠤ᠂ ᠡᠷᠡᠭᠦᠯ ᠢᠶᠠᠷ ᠦᠰᠦᠨ | ᠪᠣᠶᠢᠵᠢᠬᠤ ᠶᠢ ᠨᠢ ᠪᠠᠳᠤᠯᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠡᠪᠯᠡᠯ ᠤᠨ ᠬᠤᠷᠢᠶ᠎ᠠ ᠨᠢ ︽ᠬᠦᠰᠡᠯ | ᠢᠨᠵᠧᠨᠧᠷᠢᠩ 1+1 ︱ ᠬᠤᠸᠠᠨ ᠹᠠᠩ ᠰᠤᠷᠤᠭᠴᠢᠳ ᠢ ᠲᠤᠰᠠᠯᠠᠬᠤ ᠲᠥᠯᠥᠪᠯᠡᠭᠡ︾ ᠶᠢ ᠪᠥᠬᠦ ᠬᠦᠴᠦᠨ ᠢᠶᠠᠷ | ᠠᠬᠢᠭᠤᠯᠵᠤ᠂ 209000 ᠲᠥᠭᠦᠷᠢᠭ ᠤᠨ ᠪᠡᠯᠡ ᠮᠥᠩᠭᠦ ᠶᠢ ᠡᠷᠡᠮᠡᠯᠵᠡᠯᠡᠨ ᠤᠯᠤᠭᠠᠳ᠂ 209 ᠨᠡᠷ᠎ᠡ ᠶᠠᠳᠠᠭᠤ | ᠬᠦᠴᠢᠷᠳᠡᠯᠲᠡᠢ ᠰᠣᠷᠣᠭᠴᠢ ᠳᠤ ᠲᠤᠰᠠᠯᠠᠮᠵᠢ ᠦᠵᠡᠬᠦᠯᠦᠭᠰᠡᠨ ᠪᠠᠶᠢᠨ᠎ᠠ᠃ ᠬᠤᠰᠢᠭᠤᠨ ᠤ ᠡᠪᠯᠡᠯ ᠤᠨ ᠬᠤᠷᠢᠶ᠎ᠠ ᠨᠢ | ᠡᠮᠦᠨᠡᠬᠢ ᠬᠤᠭᠤᠴᠠᠭᠠᠨ ᠤ ᠡᠷᠡᠮᠡᠯᠵᠡᠯᠡᠨ ᠮᠡᠳᠡᠬᠦᠯᠬᠦ ᠶᠠᠪᠤᠴᠠ ᠳᠠᠭᠠᠨ ᠰᠢᠭᠰᠢᠨ ᠪᠠᠶᠢᠴᠠᠭᠠᠵᠤ ᠬᠢᠨᠠᠨ ᠵᠦᠪᠰᠢᠶᠡᠷᠡᠬᠦ | ᠠᠵᠢᠯ ᠢ ᠴᠢᠩᠭ᠎ᠠ ᠨᠢᠮᠪᠠᠢ ᠶᠠᠪᠤᠭᠳᠠᠭᠤᠯᠵᠤ᠂ ᠲᠠᠩᠰᠠ ᠮᠠᠲ᠋ᠧᠷᠢᠶᠠᠯ ᠤᠨ ᠦᠨᠡᠨ ᠪᠣᠳᠠᠲᠠᠢ ᠪᠦᠷᠢᠨ ᠪᠦᠲᠦᠨ | ᠪᠠᠶᠢᠬᠤ ᠶᠢ ᠪᠠᠳᠤᠯᠠᠨ᠂ ᠶᠠᠳᠠᠭᠤ ᠬᠦᠴᠢᠷᠳᠡᠯᠲᠡᠢ ᠭᠡᠷ ᠪᠦᠯᠢ᠂ ᠤᠨᠴᠠ ᠬᠦᠴᠢᠷᠳᠡᠯᠲᠡᠢ ᠭᠡᠷ ᠪᠦᠯᠢ᠂ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ ᠭᠡᠷ ᠪᠦᠯᠢ ᠪᠤᠶᠤ ᠡᠪᠡᠳᠴᠢᠨ ᠵᠤᠪᠠᠯᠠᠩ᠂ ᠠᠳᠡᠯ ᠭᠡᠨᠡᠳᠡᠯ ᠠᠴᠠ | ᠪᠣᠯᠵᠤ ᠬᠦᠴᠢᠷᠳᠡᠯ ᠲᠤᠯᠭᠠᠷᠠᠭᠰᠠᠨ ᠡᠮᠡᠭᠲᠡᠢ ᠰᠣᠷᠣᠭᠴᠢ ᠶᠢ ᠤᠷᠢᠳᠠᠪᠠᠷ ᠪᠤᠳᠤᠯᠬᠢᠯᠠᠵᠤ᠂ ᠵᠢᠩᠬᠢᠨᠢ ᠬᠦᠴᠢᠷᠳᠡᠯ ᠲᠠᠢ | ᠰᠣᠷᠣᠭᠴᠢ ᠳᠤ ᠲᠤᠰᠠᠯᠠᠮᠵᠢ ᠬᠦᠷᠳᠡᠭᠡᠬᠦ ᠶᠢ ᠪᠠᠳᠤᠯᠠᠵᠠᠢ᠃ ᠲᠤᠰᠠᠯᠠᠮᠵᠢ ᠭᠥᠷᠳᠡᠭᠰᠡᠨ ᠰᠤᠷᠤᠭᠴᠢᠳ ᠨᠠᠮ ᠵᠠᠰᠠᠭ | ᠤᠨ ᠬᠠᠶᠢᠷ᠎ᠠ ᠬᠠᠯᠠᠮᠵᠢ ᠳᠤ ᠲᠠᠯᠠᠷᠬᠠᠵᠤ ᠪᠠᠶᠢᠬᠤ ᠪᠠᠨ ᠢᠯᠡᠳᠭᠡᠬᠦ ᠶᠢᠨ ᠬᠠᠮᠳᠤ᠂ ᠬᠤᠶᠢᠰᠢᠳᠠ ᠶᠢᠨ ᠰᠤᠷᠤᠯᠭ᠎ᠠ | ᠠᠮᠢᠳᠤᠷᠠᠯ ᠤᠨ ᠳᠤᠮᠳᠠ ᠪᠠᠨ ᠨᠡᠩ ᠢᠯᠡᠭᠦᠦ ᠪᠡᠶ᠎ᠡ ᠪᠠᠨ ᠳᠠᠭᠠᠭᠠᠨ ᠬᠦᠴᠦᠷᠬᠡᠭᠵᠢᠵᠦ᠂ ᠰᠢᠯᠢᠳᠡᠭ ᠬᠢᠷᠢ | ᠪᠦᠲᠦᠮᠵᠢ ᠪᠠᠷ ᠢᠶᠠᠨ ᠨᠡᠶᠢᠭᠡᠮ ᠨᠡᠶᠢᠳᠡ ᠳᠤ ᠠᠴᠢ ᠬᠠᠷᠢᠭᠤᠯᠤᠨ᠎ᠠ ᠬᠡᠵᠦ ᠢᠳᠡᠬᠡᠯ ᠵᠤᠷᠢᠭ ᠢᠶᠠᠨ ᠢᠯᠡᠷᠭᠡᠶᠢᠯᠡᠨᠡᠮ ᠃ | |