ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/6/2
    ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ᠂ ᠰᠡᠷᠭᠡᠶᠢᠯᠡᠨ ᠡᠵᠡᠮᠳᠡᠬᠦ ᠠᠵᠢᠯ ᠲᠤᠶᠢᠯ ᠤᠨ ᠬᠦᠨᠳᠦ ᠨᠣᠴᠢᠲᠠᠢ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠃  ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾ ᠤ ᠠᠮᠠᠷᠠᠯᠲᠠ ᠶᠢᠨ ᠡᠳᠦᠷ ᠬᠦᠷᠴᠦ ᠢᠷᠡᠬᠦ ᠲᠠᠰᠢᠷᠠᠮ ᠳᠤ  ᠂ ᠪᠦᠭᠦ ᠬᠤᠰᠢᠭᠤᠨ ᠤ ᠠᠷᠠᠳ ᠲᠦᠮᠡᠨ ᠤ ᠪᠠᠶᠠᠷ  ᠬᠦᠷ ᠲᠠᠢ᠂ ᠡᠷᠡᠭᠦᠯ ᠮᠡᠨᠳᠦ᠂ ᠠᠮᠤᠷ ᠲᠦᠪᠰᠢᠨ ᠠᠮᠠᠷᠠᠯᠲᠠ ᠶᠢᠨ ᠬᠤᠭᠤᠴᠠᠭ᠎ᠠ  ᠪᠠᠨ ᠥᠩᠭᠡᠷᠡᠭᠡᠬᠦ ᠶᠢ ᠪᠠᠳᠤᠯᠠᠬᠤ ᠶᠢᠨ ᠲᠥᠯᠥᠭᠡ᠂ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠵᠦ ᠪᠠᠶᠢᠨᠠᠮ᠄     ᠨᠢᠭᠡ᠂ ᠲᠠᠶᠢᠹᠤᠰᠧ ᠬᠤᠰᠢᠭᠤᠨ ᠳᠤ ᠢᠷᠡᠭᠰᠡᠨ ᠬᠥᠮᠥᠰ ᠤᠬᠠᠮᠰᠠᠷ ᠠᠴᠠ ᠪᠠᠨ ᠮᠡᠳᠡᠬᠦᠯᠦᠨ ᠲᠠᠩᠰᠠᠯᠠᠭᠤᠯᠤᠨ᠎ᠠ ᠃ ᠣᠶᠢᠷ᠎ᠠ ᠶᠢᠨ 14 ᠡᠳᠦᠷ ᠤᠨ ᠳᠣᠲᠣᠷ᠎ᠠ᠂ ᠳᠤᠮᠳᠠ ᠦᠨᠳᠦᠷ ᠲᠡᠰ ᠤᠨ ᠲᠦᠭᠰᠢᠬᠦᠷᠢᠳᠦ ᠣᠷᠣᠨ ᠳᠤ   ᠤᠴᠢᠵᠤ ᠦᠩᠭᠡᠷᠡᠭᠰᠡᠨ ᠬᠥᠮᠥᠰ᠂ ᠢᠯᠠᠩᠭᠤᠶ᠎ᠠ 5 ᠰᠠᠷ᠎ᠠ ᠶᠢᠨ 25 ᠤ ᠡᠳᠦᠷ ᠠᠴᠠ ᠨᠠᠰᠢ ᠡᠷᠢᠶᠡᠨ ᠬᠤᠲᠠ᠂ ᠤᠯᠠᠭᠠᠨᠴᠠᠪ ᠬᠤᠲᠠ ᠶᠢᠨ ᠰᠢᠩ ᠾᠧ ᠰᠢᠶᠠᠨ᠂ ᠴᠢᠭᠤᠯᠤᠯᠲᠤ ᠬᠠᠭᠠᠯᠭ᠎ᠠ ᠬᠤᠲᠠ ᠶᠢᠨ ᠸᠠᠨ ᠴᠢᠤᠸᠠᠨ ᠲᠤᠭᠤᠷᠢᠭ  ᠠᠴᠠ ᠢᠷᠡᠭᠰᠡᠨ ᠬᠥᠮᠥᠰ ᠤᠬᠠᠮᠰᠠᠷ ᠠᠴᠠ ᠪᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠵᠣᠴᠢᠳ ᠤᠨ ᠪᠠᠭᠤᠳᠠᠯ  ᠳᠠᠭᠠᠨ ᠮᠡᠳᠡᠭᠦᠯᠦᠨ ᠳᠠᠩᠰᠠᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃    ᠬᠤᠶᠠᠷ᠂ ᠬᠤᠰᠢᠭᠤᠨ ᠠᠴᠠ ᠭᠠᠷᠬᠤ ᠬᠠᠮᠢᠶᠠᠷᠤᠯᠲᠠ ᠶᠢ ᠴᠢᠩᠭᠠᠳᠬᠠᠨ᠎ᠠ᠃ ᠥᠷᠭᠡᠨ ᠤᠯᠠᠨ ᠰᠠᠭᠤᠭᠠᠯᠢ ᠠᠷᠠᠳ ︽ᠴᠢᠬᠤᠯᠠ ᠦᠭᠡᠢ ᠪᠣᠯ ᠬᠤᠰᠢᠭᠤ ᠠᠴᠠ ᠪᠠᠨ ᠭᠠᠷᠬᠤ ᠦᠭᠡᠢ︾ ᠪᠠᠶᠢᠵᠤ᠂ ᠳᠤᠮᠳᠠ ᠦᠨᠳᠦᠷ ᠲᠡᠰ ᠤᠨ ᠲᠦᠭᠰᠢᠬᠦᠷᠢᠳᠦ ᠣᠷᠣᠨ ᠵᠢᠴᠢ ᠲᠡᠬᠦᠨ ᠲᠠᠢ ᠬᠤᠯᠪᠤᠭᠳᠠᠭᠰᠠᠨ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠣᠴᠢᠬᠤ ᠶᠢ ᠴᠢᠩᠭ᠎ᠠ ᠬᠢᠵᠠᠭᠠᠷᠯᠠᠨ᠂ ᠴᠢᠬᠤᠯᠠ ᠦᠭᠡᠢ ᠪᠣᠯ ᠡᠳᠡᠭᠡᠷ ᠭᠠᠵᠠᠷ ᠤᠷᠤᠨ ᠳᠤ ᠣᠴᠢᠬᠤ ᠶᠢ ᠡᠷᠡᠰ ᠴᠡᠭᠡᠷᠯᠡᠨ᠎ᠡ᠃ ᠡᠯ᠎ᠡ ᠱᠠᠲᠤᠨ ᠤ ᠪᠠᠶᠢᠭᠤᠯᠭ᠎ᠠ ᠨᠢᠬᠡᠴᠡ᠂ ᠠᠵᠤ ᠠᠬᠤᠶᠢᠯᠠᠯ ᠤᠨ ᠺᠠᠳ᠋ᠷ  ᠠᠵᠢᠯᠳᠠᠳ ᠴᠤ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠳᠤ ᠣᠴᠢᠬᠤ ᠶᠢ ᠡᠷᠡᠰ ᠴᠡᠭᠡᠷᠯᠡᠵᠦ᠂ ᠬᠤᠰᠢᠭᠤᠨ   ᠠᠴᠠ ᠭᠠᠷᠬᠤ ᠴᠢᠬᠤᠯᠠ ᠲᠠᠢ ᠪᠣᠯ ᠡᠷᠬᠡᠪᠰᠢ  ᠪᠠᠶᠢᠭᠤᠯᠭ᠎ᠠ ᠨᠢᠬᠡᠴᠡ ᠶᠢᠨ ᠢᠶᠠᠨ ᠭᠤᠣᠯ ᠤᠳᠤᠷᠢᠳᠤᠯᠭ᠎ᠠ ᠳᠤ ᠮᠡᠳᠡᠭᠦᠯᠦᠨ ᠭᠠᠷ ᠭᠦᠢᠴᠡᠳᠬᠡᠯ ᠬᠢᠵᠦ᠂ ᠪᠤᠴᠠᠵᠤ ᠢᠷᠡᠭᠰᠡᠨ ᠤ ᠳᠠᠷᠠᠭ᠎ᠠ ᠵᠠᠮ ᠮᠦᠷ ᠤᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠦᠯᠬᠦ ᠬᠡᠷᠡᠭᠲᠡᠢ    ᠭᠤᠷᠪᠠ᠂ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠡᠯ᠎ᠡ ᠰᠤᠷᠭᠠᠭᠤᠯᠢ ᠪᠠ ᠴᠡᠴᠡᠷᠯᠢᠭ ᠤᠨ ᠪᠠᠭᠰᠢ ᠰᠤᠷᠤᠭᠴᠢᠳ ᠤᠨ ᠬᠠᠮᠢᠶᠠᠷᠤᠯᠲᠠ ᠶᠢ ᠰᠠᠶᠢᠨ ᠬᠢᠬᠦ ᠭᠡᠷᠡᠭᠳᠡᠢ᠂ ᠢᠯᠠᠩᠭᠤᠶ᠎ᠠ 2022 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠨᠢᠭᠡᠳᠦᠯᠲᠡᠢ ᠰᠢᠯᠭᠠᠯᠲᠠ ᠳᠤ ᠣᠷᠤᠯᠴᠠᠬᠤ  ᠰᠤᠷᠤᠭᠴᠢᠳ ᠪᠠ ᠬᠠᠮᠲᠤ ᠰᠠᠭᠤᠭ᠎ᠠ ᠬᠥᠮᠥᠰ ᠨᠢ ᠰᠢᠯᠭᠠᠯᠲᠠ ᠳᠠᠭᠤᠰᠲᠠᠯ᠎ᠠ ᠭᠠᠳᠠᠭᠰᠢ ᠭᠠᠷᠴᠤ ᠪᠣᠯᠬᠤ ᠦᠬᠡᠢ᠃  ᠭᠠᠳᠠᠷ ᠣᠷᠣᠨ ᠳᠤ ᠰᠤᠷᠤᠯᠴᠠᠭᠠᠳ ᠬᠤᠰᠢᠭᠤᠨ ᠳᠠᠭᠠᠨ ᠢᠷᠡᠵᠦ ᠰᠢᠯᠭᠠᠭᠤᠯᠬᠤ ᠰᠤᠷᠤᠭᠴᠢᠳ ᠭᠡᠷ ᠲᠡᠭᠡᠨ ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠨ ᠬᠢᠬᠦ ᠬᠡᠷᠡᠭᠲᠡᠢ᠂ ᠬᠡᠷᠪᠡ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠦᠨᠦᠷᠯᠡᠬᠦ ᠰᠡᠷᠡᠯ ᠮᠠᠭᠤᠳᠠᠬᠤ ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠳᠠᠷᠤᠶᠢᠬᠠᠨ ᠬᠤᠰᠢᠭᠤ ᠡᠮᠨᠡᠯᠭᠡ ᠶᠢᠨ ᠬᠤᠷᠢᠶ᠎ᠠ ᠳᠤ ᠬᠦᠷᠴᠦ ᠪᠠᠶᠢᠴᠠᠭᠠᠯᠭᠠᠨ ᠡᠮᠨᠡᠭᠦᠯᠬᠦ ᠶᠢᠨ ᠬᠠᠮᠲᠤ  ᠂  ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠤᠬᠠᠮᠰᠠᠷ  ᠠᠴᠠ ᠪᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃      ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ 0479 ︱ 5230665      ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675     ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶᠠᠨ ᠤ ᠤᠲᠠᠰᠤ᠄ 13947972635     ᠪᠤᠤᠴᠠᠩ  ᠪᠠᠯᠭᠠᠰᠤ ︵ᠨᠡᠶᠢᠭᠡᠮ ᠲᠣᠭᠤᠷᠢᠭ︶ ᠶᠢᠨ ᠵᠢᠵᠢᠭᠦᠷᠯᠡᠬᠦ ᠤᠲᠠᠰᠤ᠄ 0479 ︱ 5222227     ᠵᠢᠶᠠᠨ ᠰᠢᠩ ᠨᠡᠶᠢᠭᠡᠮ ᠲᠣᠭᠤᠷᠢᠭ᠄ 13644792511     ᠪᠦᠦ ᠹᠧᠩ ᠨᠡᠶᠢᠭᠡᠮ ᠲᠣᠭᠤᠷᠢᠭ᠄ 13947930729     ᠨᠠᠨ ᠵᠢᠶᠣᠣ ᠨᠡᠶᠢᠭᠡᠮ ᠲᠣᠭᠤᠷᠢᠭ᠄ 18847938988     ᠰᠢᠨ ᠬᠤᠸᠠ ᠬᠤᠷᠢᠶᠠᠨ ᠤ ᠲᠣᠭᠤᠷᠢᠭ᠄ 13947395770     ᠲᠠᠢ ᠫᠢᠩ ᠨᠡᠶᠢᠭᠡᠮ ᠲᠣᠭᠤᠷᠢᠭ᠄ 15849930009     ᠳ᠋ᠦᠩ ᠵᠢᠶᠣᠣ ᠨᠡᠶᠢᠭᠡᠮ ᠲᠣᠭᠤᠷᠢᠭ᠄ 13947966967     ᠬᠦᠨᠪᠤᠯᠠᠭ ᠰᠤᠮᠤᠨ ᠤ ᠵᠢᠵᠢᠭᠦᠷᠯᠡᠬᠦ ᠤᠲᠠᠰᠤ᠄ 0479 ︱ 5887015       13234794613     ᠴᠢᠶᠠᠨ ᠶᠢᠨ ᠭᠧᠦ ᠪᠠᠯᠭᠠᠰᠤᠨ ᠤ ᠵᠢᠵᠢᠭᠦᠷᠯᠡᠬᠦ ᠤᠲᠠᠰᠤ᠄ 0479-2265514   15249535203     ᠬᠤᠩ ᠴᠢ ᠪᠠᠯᠭᠠᠰᠤᠨ ᠤ ᠵᠢᠵᠢᠭᠦᠷᠯᠡᠬᠦ ᠤᠲᠠᠰᠤ᠄ 0479 ︱ 5823064     ᠯᠦᠸᠧ ᠲᠦᠸᠧ ᠱᠠᠨ ᠪᠠᠯᠭᠠᠰᠤᠨ ᠤ ᠵᠢᠵᠢᠭᠦᠷᠯᠡᠬᠦ ᠤᠲᠠᠰᠤ᠄ 0479 ︱ 5855017     ᠶᠦᠩ ᠹᠧᠩ ᠪᠠᠯᠭᠠᠰᠤᠨ ᠤ  ᠵᠢᠵᠢᠬᠦᠷᠯᠡᠬᠦ ᠤᠲᠠᠰᠤ᠄ 0479-2265106     ᠰᠢᠩ ᠹᠦ᠋ ᠰᠢᠶᠠᠩ ᠤᠨ ᠵᠢᠵᠢᠭᠦᠷᠯᠡᠬᠦ ᠤᠲᠠᠰᠤ᠄ 0479-589968      15547956376                                            ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ                                                                                     2022 ᠣᠨ ᠤ 6 ᠰᠠᠷ᠎ᠠ ᠶᠢᠨ 2 ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号