ᠲᠠᠶᠢᠹᠤᠰᠧ ᠬᠤᠰᠢᠭᠤ  ︽  ᠬᠠᠶᠢᠷ᠎ᠠ ᠬᠠᠯᠠᠮᠵᠢ ᠶᠢ ᠬᠡᠦᠭᠡᠳ ᠪᠠᠭᠠᠴᠤᠳ ᠲᠤ  ᠬᠦᠷᠳᠡᠭᠡᠵᠦ · ᠬᠠᠤᠯᠢ ᠲᠦᠷᠢᠮ ᠢ ᠲᠦᠮᠡᠨ ᠡᠷᠦᠬᠡ ᠳᠤ ᠬᠦᠷᠭᠡᠬᠦ︾ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2022/6/20
   ᠡᠨᠡ ᠵᠢᠯ ᠤᠨ 6 ᠳ᠋ᠤᠭᠠᠷ ᠰᠠᠷ᠎ᠠ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠬᠠᠭᠤᠯᠭ᠎ᠠ ᠶᠢᠨ ᠰᠠᠷ᠎ᠠ︾ ᠪᠣᠯᠣᠨ᠎ᠠ  ᠃ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠨᠡᠶᠢᠭᠡᠮ ᠤᠨ ᠬᠠᠮᠲᠤ ᠶᠢᠨ ᠲᠠᠨᠢᠯᠲᠠ ᠶᠢ ᠤᠯᠠᠮ ᠨᠢᠭᠲᠠᠷᠠᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ  ᠨᠡᠶᠢᠬᠡᠮ ᠲᠠᠶᠠᠭᠠᠷ ᠲᠤ ᠪᠤᠢ ᠪᠤᠯᠭᠠᠨ᠂ ᠨᠠᠰᠤᠨ ᠳᠤ ᠥᠯᠥ ᠭᠦᠷᠦᠭᠰᠡᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 19 ᠤ ᠡᠳᠦᠷ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ  ︽ ᠬᠠᠶᠢᠷ᠎ᠠ ᠬᠠᠯᠠᠮᠵᠢ ᠶᠢ ᠬᠡᠦᠭᠡᠳ ᠪᠠᠭᠠᠴᠤᠳ ᠲᠤ  ᠬᠦᠷᠳᠡᠭᠡᠵᠦ · ᠬᠠᠤᠯᠢ ᠲᠦᠷᠢᠮ ᠢ ᠲᠦᠮᠡᠨ ᠡᠷᠦᠬᠡ ᠳᠤ ᠬᠦᠷᠭᠡᠬᠦ︾  ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠬᠤᠩ ᠴᠢ ᠪᠠᠯᠭᠠᠰᠤᠨ ᠳᠤ ᠪᠤᠯᠤᠭᠰᠠᠨ ᠲᠤᠰ ᠡᠳᠦᠷ ᠤᠨ   ᠠᠵᠢᠯᠯᠠᠭ᠎ᠠ ᠳᠤ ᠥᠪᠥᠷ ᠮᠣᠩᠭᠤᠯ ᠤᠨ ᠾᠧ ᠶᠤᠸᠠᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠯᠢ ᠵᠧᠨ ᠰᠢᠶᠠ ᠬᠠᠤᠯᠢᠴᠢ ᠶᠢ ᠤᠷᠢᠵᠤ᠂ ︽ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ᠶᠢᠨ ᠭᠤᠣᠯ ᠴᠢᠬᠤᠯᠠ ᠠᠭᠤᠯᠭ᠎ᠠ ᠶᠢᠨ ᠲᠣᠭᠤᠷᠢᠨ ᠳᠤ᠂ ᠭᠡᠷ ᠪᠦᠯᠢ ᠶᠢᠨ ᠬᠠᠮᠠᠭᠠᠯᠠᠯᠲᠠ᠂ ᠰᠤᠷᠭᠠᠭᠤᠯᠢ ᠶᠢᠨ ᠬᠠᠮᠠᠭᠠᠯᠠᠯᠲᠠ᠂ ᠨᠡᠶᠢᠭᠡᠮ ᠤᠨ ᠬᠠᠮᠠᠭᠠᠯᠠᠯᠲᠠ ᠵᠡᠷᠭᠡ ᠣᠯᠠᠨ ᠲᠠᠯ᠎ᠠ ᠠᠴᠠ ᠲᠣᠰᠬᠤᠨ ᠤ ᠠᠷᠠᠳ ᠲᠤ ᠭᠦᠨᠵᠡᠭᠡᠢ ᠮᠦᠷᠳᠡᠭᠡᠨ ᠣᠶᠢᠯᠠᠭᠠᠮᠵᠢᠲᠠᠢ ᠲᠠᠶᠢᠯᠤᠮᠵᠢ ᠬᠢᠭᠰᠡᠨ ᠪᠦᠭᠡᠳ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠲᠣᠰᠬᠤᠨ ᠤ ᠠᠷᠠᠳ ᠪᠣᠯᠣᠨ ᠬᠡᠦᠬᠡᠳ ᠪᠠᠭᠠᠴᠤᠳ ᠲᠤ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠶᠢ ᠤᠯᠠᠮ ᠨᠢᠭᠡ ᠠᠯᠬᠤᠮ ᠲᠠᠨᠢᠭᠤᠯᠵᠤ ᠲᠦᠬᠡᠮᠡᠯᠵᠢᠬᠦᠯᠦᠭᠰᠡᠨ ᠪᠠᠶᠢᠨ᠎ᠠ᠃  ᠠᠬᠤᠢ ᠲᠠᠯᠠᠪᠠᠢ ᠳᠤ  ᠪᠠᠰᠠ 200 ᠭᠠᠷᠤᠢ ᠬᠤᠪᠢ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠢ᠃      ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ  ᠤᠬᠠᠭᠤᠯᠭ᠎ᠠ ᠶᠢᠨ ᠡᠷᠴᠢᠮ ᠢᠶᠠᠨ  ᠦᠷᠬᠦᠯᠵᠢᠯᠡᠨ ᠴᠢᠩᠭᠠᠷᠠᠭᠤᠯᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ   ᠶᠢ ᠢᠳᠡᠪᠬᠢᠳᠡᠢ ᠦᠷᠨᠢᠬᠦᠯᠦᠨ᠂  ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠶᠢ  ᠤᠯᠠᠨ ᠲᠦᠮᠡᠨ ᠳᠤ ᠨᠡᠩ ᠰᠠᠶᠢᠨ  ᠤᠶᠢᠯᠠᠭᠠᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠳᠠ ᠶᠢᠨ  ᠠᠵᠢᠯ ᠢ  ᠴᠢᠩᠭᠠᠳᠬᠠᠨ᠂ ᠨᠠᠰᠤᠨ ᠳᠤ ᠥᠯᠥ ᠭᠦᠷᠦᠭᠰᠡᠳ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠴᠢᠩᠭᠠᠷᠠᠭᠤᠯᠵᠤ᠂ ᠨᠡᠶᠢᠭᠡᠮ ᠲᠠᠶᠠᠭᠠᠷ ᠢᠶᠠᠨ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠯᠠᠮᠵᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号