ᠦᠯᠢᠭᠡᠷ ᠳᠠᠭᠤᠷᠢᠶᠠᠯ ᠤᠨ ᠦᠢᠯᠡᠳᠦᠯ ᠢ ᠪᠠᠳᠠᠷᠡᠭᠤᠯᠵᠤ ᠦᠯᠢᠭᠡᠷ ᠳᠠᠭᠤᠷᠢᠶᠠᠯ ᠤᠨ ᠬᠦᠴᠦᠨ ᠢ ᠲᠠᠮᠵᠢᠭᠤᠯᠤᠨᠠᠮ
ᠨᠡᠶᠢᠲᠡᠯᠡᠭᠰᠡᠨ ᠴᠠᠭ᠄
2022/6/20
   ᠣᠶᠢᠷ᠎ᠠ ᠶᠢᠨ ᠬᠤᠭᠤᠴᠠᠭᠠᠨ ᠳᠤ᠂ ᠪᠤᠤᠴᠠᠩ ᠰᠣᠶᠣᠯ ᠤᠨ ᠴᠡᠴᠡᠷᠯᠢᠭ ᠲᠤ ᠦᠰᠦᠭ ᠵᠢᠷᠤᠭ ᠬᠤᠣᠰᠯᠠᠭᠤᠯᠤᠭᠰᠠᠨ ᠴᠡᠪᠡᠷ ᠠᠪᠰᠠᠷᠬᠠᠨ ᠦᠵᠡᠭᠦᠯᠦᠯᠭᠡ ᠶᠢᠨ ᠰᠠᠮᠪᠠᠷ᠎ᠠ  ᠪᠤᠰᠬᠠᠭᠳᠠᠵᠤ᠂  ᠦᠵᠡᠰᠬᠦᠯᠡᠩᠳᠦ ᠨᠤᠭᠤᠭᠠᠨ ᠴᠡᠴᠡᠷᠯᠢᠭ ᠲᠤ ︽ᠦᠯᠢᠬᠡᠷ ᠳᠠᠭᠤᠷᠢᠶᠠᠯ  ︾ ᠤᠨ ᠴᠢᠮᠡᠭ ᠨᠡᠮᠡᠭᠰᠡᠨ ᠢ ᠨᠢᠳᠦ ᠲᠠᠢ ᠪᠦᠬᠦᠨ ᠣᠯᠵᠤ ᠬᠠᠷᠠᠭᠰᠠᠨ ᠪᠠᠶᠢᠬ᠎ᠠ᠃  ᠦᠵᠡᠬᠦᠯᠦᠯᠬᠡ ᠶᠢᠨ ᠰᠠᠮᠪᠠᠷ᠎ᠠ ᠳᠤ᠂ ᠪᠤᠰᠤᠳ   ᠢ ᠬᠠᠪᠰᠤᠷᠬᠤ ᠪᠠᠷ ᠵᠢᠷᠭᠠᠯ ᠢᠶᠠᠨ ᠪᠤᠯᠭᠠᠭᠰᠠᠨ᠂ ᠠᠶᠤᠯ ᠭᠠᠮᠰᠢᠭ ᠠᠴᠠ ᠠᠪᠤᠷᠠᠵᠤ  ᠬᠦᠴᠢᠷ ᠵᠤᠪᠠᠯᠠᠩ ᠳᠤ ᠲᠤᠰᠠᠯᠠᠭᠰᠠᠨ᠂  ᠡᠶ᠎ᠡ ᠨᠠᠶᠢᠷ ᠢ ᠡᠷᠬᠢᠮᠯᠡᠵᠦ ᠡᠯᠪᠡᠷᠢᠯ ᠵᠢᠷᠤᠮ ᠢ ᠬᠦᠢᠴᠡᠳᠭᠡᠭᠰᠡᠨ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ᠂ ᠠᠵᠢᠯ ᠦᠢᠯᠡᠰ ᠢᠶᠠᠨ ᠲᠡᠭᠡᠳᠦᠯᠡᠵᠦ ᠬᠤᠪᠢ ᠨᠡᠮᠡᠷᠢ ᠦᠵᠡᠬᠦᠯᠦᠭᠰᠡᠨ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠨᠢᠬᠡ ᠰᠡᠳᠬᠢᠯ ᠢᠶᠠᠷ ᠵᠢᠳᠬᠦᠭᠰᠡᠨ᠂᠂᠂᠂᠂᠂ ᠵᠡᠷᠭᠡ ᠦᠯᠢᠬᠡᠷ ᠵᠢᠱᠢᠶᠡᠳ ᠢ ᠨᠡᠶᠢᠳᠡᠯᠡᠭᠡᠳ᠂ ᠲᠡᠳᠡᠨ ᠤ ᠡᠷᠬᠢᠮ ᠳᠡᠭᠡᠳᠦ ᠵᠠᠩ ᠴᠢᠨᠠᠷ ᠪᠣᠯᠣᠨ ᠰᠠᠶᠢᠨ ᠰᠠᠶᠢᠬᠠᠨ ᠰᠤᠷᠳᠠᠯ ᠮᠤᠷᠠᠯ ᠢ  ᠬᠠᠷᠠᠭᠤᠯᠵᠤ᠂ ᠥᠯᠢᠭᠡᠷ ᠳᠠᠭᠤᠷᠢᠶᠠᠯ ᠤᠨ ᠬᠥᠮᠥᠨ ᠢ ᠤᠶᠠᠷᠠᠭᠤᠯᠬᠤ᠂ ᠬᠥᠮᠥᠨ   ᠢ ᠨᠥᠯᠥᠭᠡᠯᠡᠬᠦ᠂ ᠬᠥᠮᠥᠨ   ᠢ ᠳᠠᠶᠢᠴᠢᠯᠠᠬᠤ ᠦᠢᠯᠡᠳᠦᠯ   ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠶᠣᠰᠣ ᠰᠤᠷᠳᠠᠬᠤᠨ ᠤ ᠬᠢᠷᠢ ᠲᠦᠪᠰᠢᠨ ᠪᠣᠯᠣᠨ  ᠰᠤᠶᠤᠯ ᠪᠣᠯᠪᠠᠰᠤᠨ ᠤ ᠬᠢᠷᠢ ᠬᠡᠮᠵᠢᠶ᠎ᠡ   ᠶᠢ ᠴᠢᠨᠠᠭᠰᠢᠳᠠ ᠲᠡᠭᠡᠭᠰᠢᠯᠡᠬᠦᠯᠬᠦ ᠶᠢ ᠵᠤᠷᠢᠭᠰᠠᠨ ᠪᠠᠶᠢᠨ᠎ᠠ᠃     ︽ᠳᠡᠷᠭᠡᠳᠡᠬᠢ ᠰᠠᠶᠢᠴᠤᠤᠯ   ᠤᠨ ᠦᠢᠯᠡ ᠠᠵᠢᠯᠯᠠᠭ᠎ᠠ ᠶᠢ ᠬᠠᠷᠠᠭᠠᠳ ᠮᠠᠰᠢ ᠳᠣᠲᠣᠨᠣ  ᠰᠠᠨᠠᠭᠳᠠᠨ᠎ᠠ᠂  ᠡᠳᠡᠭᠡᠷ ᠬᠦᠮᠦᠰ ᠡᠭᠡᠯ ᠵᠢᠷ ᠤᠨ ᠬᠦᠮᠦᠨ ᠪᠠᠶᠢᠳᠠᠯ᠎ᠠ ᠪᠠᠨ ᠡᠬᠡᠯ ᠪᠤᠰᠤ ᠶᠠᠪᠤᠳᠠᠯ ᠢ ᠬᠢᠵᠦ᠂ ᠪᠢᠳᠡᠨ ᠤ ᠠᠵᠢᠯ ᠠᠮᠢᠳᠤᠷᠠᠯ ᠳᠤ ᠵᠣᠷᠢᠭᠵᠢᠭᠤᠯᠤᠯ ᠪᠤᠯᠤᠭᠰᠠᠨ ᠢᠶᠠᠷ ᠪᠠᠷᠠᠬᠤ ᠦᠬᠡᠢ᠂  ᠬᠡᠦᠭᠡᠳ ᠪᠠᠭᠠᠴᠤᠳ ᠲᠤ ᠴᠦ ᠰᠢᠭᠤᠳ ᠬᠥᠮᠦᠵᠢᠯ ᠬᠦᠷᠲᠡᠭᠡᠵᠦ ᠪᠠᠶᠢᠨ᠎ᠠ᠂  ᠬᠤᠶᠢᠰᠢᠳᠠ ᠪᠢ ᠬᠡᠦᠬᠡᠳ ᠢᠶᠠᠨ ᠢᠯᠡᠭᠦᠬᠡᠨ ᠳᠠᠭᠠᠭᠤᠯᠵᠤ ᠠᠪᠴᠢᠷᠠᠨ ᠬᠥᠮᠦᠵᠢᠯ ᠬᠦᠷᠲᠡᠭᠡᠵᠦ᠂  ᠡᠳᠡᠭᠡᠷ ᠦᠯᠢᠭᠡᠷ ᠳᠠᠭᠤᠷᠢᠶᠠᠯ ᠠᠴᠠ ᠰᠤᠷᠤᠯᠴᠠᠭᠤᠯᠣᠨ᠎ᠠ︾ ᠬᠡᠵᠦ ᠤᠬᠠᠭᠤᠯᠭ᠎ᠠ   ᠶᠢᠨ ᠰᠠᠮᠪᠠᠷ᠎ᠠ   ᠶᠢ ᠦᠵᠡᠵᠦ ᠵᠤᠭᠰᠤᠭ᠎ᠠ  ᠵᠧᠩ ᠠᠪᠤᠭᠠᠢ ᠰᠤᠷᠪᠤᠯᠵᠢᠯᠠᠭᠴᠢ ᠳᠤ ᠬᠡᠯᠡᠵᠡᠢ᠃ ᠰᠠᠭᠤᠭᠠᠯᠢ ᠠᠷᠠᠳ ᠭᠦᠸᠧ ᠠᠪᠠᠭ᠋ᠠᠢ  ᠄ ︽ᠲᠡᠳᠡᠨ ᠤ ᠦᠢᠯᠡ ᠠᠵᠢᠯᠯᠠᠭ᠎ᠠ ᠦᠨᠡᠬᠡᠷ ᠰᠡᠳᠬᠢᠯ ᠬᠦᠳᠡᠯᠬᠡᠮ᠎ᠡ᠂ ᠨᠡᠶᠢᠭᠡᠮ ᠳᠤ ᠡᠶᠢᠮᠦ ᠦᠯᠢᠭᠡᠷ ᠳᠠᠭᠤᠷᠢᠶᠠᠯ ᠤᠨ ᠬᠦᠴᠦᠨ ᠱᠠᠭᠠᠷᠳᠠᠭᠳᠠᠨ᠎ᠠ᠂  ᠡᠳᠡᠭᠡᠷ ᠰᠠᠶᠢᠴᠤᠤᠯ ᠪᠣᠯ ᠮᠠᠨ ᠤ ᠰᠤᠷᠤᠯᠴᠠᠬᠤ ᠦᠯᠢᠭᠡᠷ ᠳᠠᠭᠤᠷᠢᠶᠠᠯ ᠮᠥᠨ᠂  ᠬᠤᠶᠢᠰᠢᠳᠠ ᠪᠢᠳᠡ ᠶᠣᠰᠣ ᠮᠣᠷᠠᠯ ᠤᠨ ᠵᠢᠱᠢᠶᠡᠴᠢ᠂ ᠳᠡᠷᠭᠡᠳᠡᠬᠢ ᠰᠠᠶᠢᠨ ᠬᠥᠮᠥᠨ ᠠᠴᠠ ᠢᠯᠡᠬᠦᠦ ᠰᠤᠷᠤᠯᠴᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠳᠡᠷᠭᠡᠳᠡᠬᠢ ᠪᠠᠭ᠎ᠠ ᠶᠠᠪᠤᠳᠠᠯ   ᠠᠴᠠ ᠡᠬᠢᠯᠡᠨ ᠬᠢᠵᠦ᠂  ᠵᠢᠱᠢᠶᠡᠴᠢ ᠰᠠᠶᠢᠴᠤᠤᠯ   ᠳᠠᠭᠠᠨ ᠬᠦᠨᠳᠦᠳᠬᠡᠯ ᠳᠡᠪᠰᠢᠭᠦᠯᠬᠦ ᠬᠡᠷᠡᠭᠲᠡᠢ᠃ ᠮᠢᠨᠦ ᠬᠤᠪᠢ ᠳᠤ᠂ ᠡᠳᠦᠷ  ᠪᠤᠯᠭᠠᠨ ᠴᠡᠴᠡᠷᠯᠢᠭ ᠲᠤ ᠢᠷᠡᠵᠦ ᠪᠡᠶ᠎ᠡ ᠪᠠᠨ ᠪᠣᠯᠪᠠᠰᠤᠷᠠᠭᠤᠯᠳᠠᠭ᠂ ᠡᠲᠡᠭᠡᠷ ᠤᠬᠠᠭᠤᠯᠭ᠎ᠠ ᠶᠢᠨ ᠰᠠᠮᠪᠠᠷ᠎ᠠ  ᠶᠢ ᠬᠠᠷᠠᠭᠠᠳ  ᠂ ᠥᠯᠢᠭᠡᠷ ᠳᠠᠭᠤᠷᠢᠶᠠᠯ ᠤᠨ ᠬᠦᠴᠦᠨ ᠢ ᠰᠢᠩᠭᠡᠭᠡᠵᠦ ᠥᠪᠡᠷ ᠢᠶᠠᠨ ᠴᠦ ᠮᠠᠰᠢ ᠤᠷᠮᠠᠰᠢᠨ ᠵᠣᠷᠢᠭᠵᠢᠳᠠᠭ ᠶᠤᠮ︾  ᠃     ᠦᠯᠢᠭᠡᠷ ᠳᠠᠭᠤᠷᠢᠶᠠᠯ ᠠᠴᠠ ᠰᠤᠷᠤᠯᠴᠠᠨ᠂ ᠰᠠᠶᠢᠨ ᠶᠠᠪᠤᠳᠠᠯ ᠬᠢᠵᠦ᠂ ᠰᠠᠶᠢᠨ ᠬᠥᠮᠥᠨ ᠪᠣᠯᠵᠤ᠂ ᠪᠣᠯᠪᠠᠰᠤᠨ ᠬᠤᠲᠠ ᠶᠢ ᠪᠠᠶᠢᠭᠤᠯᠬᠤ   ᠳᠤ ᠬᠦᠴᠦᠨ ᠨᠡᠮᠡᠷᠢᠯᠡᠬᠦ ᠶᠢᠨ ᠲᠤᠰᠠᠳᠠ᠂ ᠲᠠᠶᠢᠹᠤᠰᠧ ᠬᠤᠰᠢᠭᠤ   ᠨᠢ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠬᠦ ᠶᠢᠨ ᠲᠣᠭᠤᠷᠢᠨ ᠳᠤ᠂  ᠡᠯ᠎ᠡ ᠲᠥᠷᠥᠯ ᠤᠨ ᠰᠠᠶᠢᠴᠤᠤᠯ ᠤᠨ ᠲᠡᠷᠢᠭᠦᠨ ᠤ ᠦᠶᠯᠡ ᠠᠵᠢᠯᠯᠠᠭ᠎ᠠ ᠶᠢ ︽ ᠲᠠᠯᠠᠪᠠᠶ ᠴᠡᠴᠡᠷᠯᠢᠭ᠂ ᠨᠡᠶᠢᠭᠡᠮ ᠲᠣᠭᠤᠷᠢᠭ ᠂ ᠰᠤᠷᠭᠠᠭᠤᠯᠢ ᠶᠢᠨ ᠬᠦᠷᠢᠶᠡᠨ︾ ᠳᠤ ᠤᠷᠤᠭᠤᠯᠬᠤ ᠶᠢ ᠶᠢ ᠪᠥᠬᠦ ᠲᠠᠯ᠎ᠠ ᠪᠠᠷ ᠠᠬᠢᠭᠤᠯᠤᠨ᠂ ᠤᠬᠠᠭᠤᠯᠭ᠎ᠠ ᠶᠢᠨ ᠰᠠᠮᠪᠠᠷ᠎ᠠ ᠶᠢᠨ ᠬᠡᠯᠪᠡᠷᠢ ᠪᠠᠷ ᠰᠠᠶᠢᠨ ᠬᠥᠮᠥᠨ ᠤ ᠰᠠᠶᠢᠨ ᠦᠶᠯᠡ ᠶᠢ ᠳᠡᠯᠭᠡᠨ ᠦᠵᠡᠭᠦᠯᠵᠦ᠂ ᠶᠣᠰᠣ ᠮᠣᠷᠠᠯ ᠤᠨ ᠵᠢᠱᠢᠶᠡᠴᠢ ᠠᠴᠠ ᠰᠤᠷᠤᠯᠴᠠᠬᠤ᠂ ᠶᠣᠰᠣ ᠮᠣᠷᠠᠯ ᠤᠨ ᠵᠢᠱᠢᠶᠡᠴᠢ ᠪᠣᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠨ᠂  ᠨᠡᠶᠢᠬᠡᠮ ᠲᠠᠶᠠᠭᠠᠷ ᠲᠤ  ᠪᠣᠯᠪᠠᠰᠤᠨ ᠰᠢᠨ᠎ᠡ ᠬᠡᠪ ᠰᠤᠷᠲᠠᠯ ᠢ ᠪᠣᠶ ᠪᠣᠯᠭᠠᠬᠤ   ᠪᠠᠷ ᠴᠢᠷᠮᠠᠶᠢᠵᠤ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号