︽ᠦᠨᠳᠦᠰᠦᠨ ᠱᠠᠲᠤᠨ ᠳᠤ ᠬᠦᠨᠵᠡᠬᠡᠶᠢᠷᠡᠨ᠂  ᠪᠤᠳᠠᠳᠠᠢ ᠶᠠᠪᠤᠳᠠᠯ ᠬᠢᠵᠦ᠂ ᠣᠷᠴᠢᠨ ᠨᠦᠬᠦᠴᠡᠯ ᠢ  ᠰᠢᠯᠢᠳᠡᠭᠵᠢᠬᠦᠯᠦᠨ᠎ᠡ︾
ᠨᠡᠶᠢᠲᠡᠯᠡᠭᠰᠡᠨ ᠴᠠᠭ᠄
2022/6/20
 6 ᠰᠠᠷ᠎ᠠ ᠶᠢᠨ 17 ᠤ ᠡᠳᠦᠷ᠂  ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠦᠨᠳᠦᠰᠦᠨ ᠱᠠᠲᠤᠨ ᠳᠤ ᠬᠦᠨᠵᠡᠬᠡᠶᠢᠷᠡᠨ᠂ ᠪᠤᠳᠠᠳᠠᠢ ᠶᠠᠪᠤᠳᠠᠯ ᠬᠢᠵᠦ᠂ ᠣᠷᠴᠢᠨ ᠨᠦᠬᠦᠴᠡᠯ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠭᠦᠷᠭᠡ ᠴᠢᠳᠠᠮᠵᠢ ᠳᠠᠭᠠᠨ ᠰᠠᠭᠤᠷᠢᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠶᠠᠷᠢᠯᠴᠠᠬᠤ ᠬᠤᠷᠠᠯ ᠳᠤ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠢᠴᠢ ᠲᠥᠯᠥᠭᠡᠯᠡᠬᠦ ᠴᠢᠨᠠᠷᠲᠠᠢ ᠲᠣᠮᠣ ᠳᠤᠮᠳᠠ ᠪᠠᠭ᠎ᠠ ᠬᠡᠯᠪᠡᠷᠢ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠥᠯᠥᠭᠡᠯᠡᠭᠴᠢ᠂  ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠤᠨ ᠬᠠᠷᠢᠭᠤᠴᠠᠯᠭᠠᠲᠠᠨ ᠵᠡᠷᠭᠡ 20 ᠭᠠᠷᠤᠢ ᠬᠥᠮᠥᠨ ᠢ ᠤᠷᠢᠵᠤ ᠣᠷᠣᠯᠴᠠᠭᠤᠯᠵᠠᠢ᠃ ᠤᠯᠠᠨ ᠢᠶᠠᠷ ᠢᠶᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠴᠢᠨᠠᠭᠰᠢᠳᠠ ᠰᠢᠯᠢᠳᠡᠭᠵᠢᠭᠦᠯᠬᠦ᠂ ᠬᠦᠴᠢᠷᠳᠡᠯ ᠠᠴᠠ ᠠᠩᠭᠢᠵᠢᠷᠠᠵᠤ ᠥᠪᠡᠷ ᠢ ᠪᠠᠨ ᠠᠪᠤᠷᠠᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠭᠰᠠᠨ ᠬᠦᠴᠢᠷ ᠠᠰᠠᠭᠤᠳᠠᠯ ᠵᠢᠴᠢ ᠬᠠᠷᠠᠭᠠᠯᠵᠠᠭᠰᠠᠨ ᠰᠠᠨᠠᠯ ᠰᠠᠨᠠᠭᠤᠯᠭ᠎ᠠ ᠪᠠᠨ ᠳᠤᠷᠠᠳᠴᠠᠢ᠃  ᠶᠠᠷᠢᠯᠴᠠᠬᠤ ᠬᠤᠷᠠᠯ ᠢᠶᠠᠷ ᠲᠠᠮᠵᠢᠭᠠᠳ᠂ ᠠᠵᠤ ᠠᠬᠤᠶᠢᠯᠠᠯ ᠤᠨ ᠱᠠᠭᠠᠷᠳᠠᠯᠭ᠎ᠠ ᠬᠡᠷᠡᠭᠴᠡᠭᠡ ᠶᠢ ᠤᠯᠠᠮ ᠣᠨᠣᠪᠴᠢᠲᠠᠶ ᠣᠶᠢᠯᠠᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠨᠠᠩ ᠢᠯᠡᠭᠦᠦ ᠬᠠᠨᠳᠤᠯᠭᠠᠲᠤ ᠴᠢᠨᠠᠷ ᠲᠠᠢ ᠪᠤᠯᠭᠠᠨ᠂ ᠲᠣᠪᠣᠶᠢᠮ᠎ᠠ ᠠᠰᠠᠭᠤᠳᠠᠯ ᠢ ᠨᠠᠩ ᠰᠠᠶᠢᠨ ᠰᠢᠢᠳᠪᠦᠷᠢᠯᠡᠵᠦ ᠴᠢᠳᠠᠬᠤ ᠪᠤᠯᠤᠨ᠎ᠠ᠃ ᠳᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠳᠡᠭᠡᠷ ᠠᠰᠠᠭᠤᠳᠠᠯ ᠳᠤ ᠴᠢᠭᠯᠡᠭᠦᠯᠦᠨ᠂ ᠦᠨᠳᠦᠰᠦ ᠰᠤᠷᠪᠤᠯᠵᠢ ᠶᠢ ᠨᠢ ᠡᠷᠢᠵᠦ᠂ ᠡᠪᠡᠳᠴᠢᠨ ᠳᠤᠨᠢ ᠲᠠᠭᠠᠷᠠᠭᠤᠯᠤᠨ ᠵᠣᠷ ᠪᠢᠴᠢᠵᠦ᠂ ᠥᠪᠡᠷᠮᠢᠴᠡ ᠴᠢᠨᠠᠷᠳᠠᠢ ᠠᠰᠠᠭᠤᠳᠠᠯ ᠢ ᠳᠠᠷᠤᠶᠢᠬᠠᠨ ᠰᠢᠢᠳᠪᠦᠷᠢᠯᠡᠵᠦ᠂ ᠨᠡᠶᠢᠲᠡᠯᠢᠭ  ᠴᠢᠨᠠᠷᠳᠠᠢ ᠠᠰᠠᠭᠤᠳᠠᠯ ᠳᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠤᠭᠳᠠᠭᠠᠨ᠂ ᠡᠭᠦᠷᠭᠡ ᠴᠢᠳᠠᠮᠵᠢ   ᠳᠤ ᠬᠠᠷᠢᠶᠠᠯᠠᠭᠳᠠᠬᠤ ᠦᠬᠡᠢ ᠶᠢ ᠨᠢ ᠲᠠᠷᠤᠢ ᠲᠦᠷᠭᠡᠨ ᠰᠢᠯᠵᠢᠭᠦᠯᠦᠨ ᠲᠤᠰᠢᠶᠠᠵᠤ᠂ ᠨᠢᠭᠡ ᠠᠰᠠᠭᠤᠳᠠᠯ ᠨᠢᠭᠡ ᠠᠰᠠᠭᠤᠳᠠᠯ ᠢᠶᠠᠷ ᠵᠠᠰᠠᠵᠤ ᠵᠠᠯᠠᠷᠠᠭᠤᠯᠤᠨ᠂  ᠨᠢᠭᠡ ᠬᠦᠷᠢᠶ᠎ᠡ ᠴᠠᠷᠠᠭ᠎ᠠ ᠨᠢᠭᠡ ᠬᠦᠷᠢᠶ᠎ᠡ ᠴᠠᠷᠠᠭ᠎ᠠ ᠪᠠᠷ ᠲᠦᠷᠢᠮᠵᠢᠬᠦᠯᠵᠦ ᠂ ᠠᠵᠢᠯ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ᠂  ᠭᠡᠷᠡᠭ ᠤᠴᠢᠷ ᠪᠦᠬᠦᠨ ᠳᠤ ᠬᠠᠷᠢᠭᠤ ᠥᠭᠬᠦ ᠶᠢ ᠪᠠᠳᠤᠯᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠪᠡᠷᠰᠢᠶᠡᠯ ᠲᠦᠭᠵᠢᠷᠡᠯ ᠤᠨ ᠠᠰᠠᠭᠤᠳᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠭᠤᠣᠯᠳᠠᠯᠭ᠎ᠠ ᠪᠠ  ᠬᠦᠴᠦᠯᠡᠬᠦ ᠴᠠᠭ ᠪᠣᠯᠭᠠᠨ ᠬᠤᠪᠢᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠨ ᠪᠤᠵᠠᠭᠠᠶᠢᠷᠠᠬᠤ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠳᠠᠰᠤᠷᠠᠯᠳᠠ ᠦᠭᠡᠢ ᠡᠬᠦᠳᠬᠦ  ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号