ᠬᠤᠩ ᠴᠢ ᠪᠠᠯᠭᠠᠰᠤ ︽ᠰᠠᠶᠢᠨ ᠰᠠᠶᠢᠬᠠᠨ ᠭᠡᠷ ᠤᠨ ᠰᠤᠷᠲᠠᠯ ᠢ ᠲᠦᠮᠡᠨ ᠡᠷᠦᠬᠡ ᠳᠤ ᠬᠦᠷᠭᠡᠬᠦ︾  ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2022/6/20
   ᠭᠡᠷ ᠪᠦᠯᠢ ᠶᠢ ᠴᠢᠬᠤᠯᠠᠴᠢᠯᠠᠬᠤ᠂ ᠭᠡᠷ ᠤᠨ ᠰᠤᠷᠭᠠᠯ ᠢ ᠴᠢᠬᠤᠯᠠᠴᠢᠯᠠᠬᠤ᠂ ᠭᠡᠷ ᠤᠨ ᠰᠤᠷᠲᠠᠯ ᠢ ᠴᠢᠬᠤᠯᠠᠴᠢᠯᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠥᠷᠭᠡᠨ ᠤᠯᠠᠨ ᠭᠡᠷ ᠪᠦᠯᠢ ᠶᠢ ᠵᠢᠯᠤᠭᠤᠳᠤᠨ ᠪᠣᠯᠪᠠᠰᠤᠨ ᠰᠢᠨ᠎ᠡ ᠰᠤᠷᠲᠠᠯ ᠢ ᠡᠷᠬᠢᠮᠯᠡᠵᠦ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ ᠪᠣᠯᠭᠠᠬᠤ ᠶᠢᠨ ᠲᠤᠰᠠᠳᠠ᠂ 6 ᠰᠠᠷ᠎ᠠ ᠶᠢᠨ 19  ᠤ ᠡᠳᠦᠷ  ᠬᠤᠩ ᠴᠢ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠨᠢ ︽ᠰᠠᠶᠢᠨ ᠰᠠᠶᠢᠬᠠᠨ ᠭᠡᠷ ᠤᠨ ᠰᠤᠷᠲᠠᠯ ᠢ ᠲᠦᠮᠡᠨ ᠡᠷᠦᠬᠡ ᠳᠤ ᠬᠦᠷᠭᠡᠬᠦ︾  ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠡᠢ᠃ ᠡᠨᠡ ᠤᠳᠠᠭ᠎ᠠ ᠪᠠᠯᠭᠠᠰᠤᠨ ᠤ ᠡᠮᠡᠭᠳᠡᠶᠢᠴᠤᠳ ᠤᠨ ᠬᠤᠯᠪᠤᠭ᠎ᠠ ᠨᠢ ᠤᠷᠤᠨ᠂ ᠠᠶᠢᠮᠠᠭ᠂ ᠬᠤᠰᠢᠭᠤ ᠭᠤᠷᠪᠠᠨ ᠳᠡᠰ ᠤᠨ ︽ᠬᠠᠮᠤᠭ ᠤᠨ ᠭᠤᠶᠤ ᠭᠡᠷ ᠪᠦᠯᠢ︾ ᠶᠢᠨ ᠲᠥᠯᠥᠭᠡᠯᠡᠭᠴᠢ ᠬᠠᠨ ᠱᠤ᠋ ᠬᠤᠸᠠ ᠨᠥᠬᠦᠷ ᠢ ᠤᠷᠢᠵᠤ᠂  ᠭᠡᠷ ᠤᠨ ᠰᠤᠷᠲᠠᠯ ᠤᠨ ᠦᠯᠢᠭᠡᠷ ᠢ  ᠶᠠᠷᠢᠭᠤᠯᠤᠭᠰᠠᠨ ᠪᠠᠶᠢᠨ᠎ᠠ᠃ ᠳᠠᠷᠠᠭ᠎ᠠ ᠳᠤᠨᠢ᠂ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ ᠢᠦᠢ ᠬᠠᠢ ᠴᠢᠨ ᠠᠴᠠ ᠤᠯᠠᠨ ᠲᠠᠢ ᠬᠠᠮᠲᠤ ᠪᠠᠷ ᠶᠡᠷᠦᠩᠬᠡᠢ ᠱᠦᠵᠢ ᠰᠢ ᠶᠢᠨ ᠫᠢᠩ  ᠤᠨ ︽ᠭᠡᠷ ᠤᠨ ᠰᠤᠷᠭᠠᠯ ᠭᠡᠷ ᠤᠨ ᠰᠤᠷᠲᠠᠯ︾  ᠤᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠠᠢ᠃ ᠬᠤᠷᠠᠯ ᠤᠨ ᠲᠠᠷᠠᠭ᠎ᠠ᠂ ᠤᠯᠠᠨ ᠢᠶᠠᠷ ᠢᠶᠠᠨ ᠪᠦᠷ ︽ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠳᠤᠮᠳᠠ ᠦᠨᠡᠨᠴᠢ ᠰᠢᠳᠤᠷᠭᠤ ᠪᠠᠷ ᠭᠡᠷ ᠪᠦᠯᠢ ᠪᠠᠨ  ᠲᠤᠳᠤᠮᠳᠠᠨ᠂ ᠨᠠᠰᠤᠳᠠᠢ ᠨᠢᠯᠬ᠎ᠠ ᠪᠠᠨ ᠬᠠᠶᠢᠷᠠᠯᠠᠵᠤ᠂  ᠡᠶ᠎ᠡ ᠨᠠᠶᠢᠷ ᠢ ᠡᠷᠬᠢᠮᠯᠡᠨ᠂ ᠰᠢᠯᠢᠳᠡᠭ ᠰᠠᠶᠢᠨ ᠭᠡᠷ ᠤᠨ ᠰᠤᠷᠲᠠᠯ ᠢ  ᠤᠯᠠᠮᠵᠢᠯᠠᠨ ᠪᠠᠳᠠᠷᠠᠭᠤᠯᠵᠤ᠂  ᠭᠡᠷ ᠪᠦᠯᠢ ᠶᠢᠨ ᠡᠶ᠎ᠡ  ᠵᠤᠬᠢᠴᠠᠯ᠂  ᠠᠶᠢᠯ ᠰᠠᠭᠠᠬᠠᠯᠳᠠ ᠶᠢᠨ ᠡᠶ᠎ᠡ ᠵᠤᠬᠢᠴᠠᠯ ᠢᠶᠠᠷ  ᠨᠡᠶᠢᠭᠡᠮ ᠤᠨ ᠡᠶ᠎ᠡ ᠵᠤᠬᠢᠴᠠᠯ ᠢ ᠠᠬᠢᠭᠤᠯᠤᠨ᠂ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ︾ ᠭᠡᠵᠦ ᠢᠯᠡᠳᠬᠡᠵᠡᠭᠡᠪᠡ᠃    ᠳᠠᠷᠠᠭᠠᠴᠢ ᠶᠢᠨ ᠠᠯᠬᠤᠮ ᠳᠤ᠂ ᠬᠤᠩ ᠴᠢ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠨᠢ  ᠠᠵᠢᠯ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠤᠭ ᠤᠨ ᠰᠠᠶᠢᠬᠠᠨ ᠭᠡᠷ ᠤᠨ ᠰᠤᠷᠲᠠᠯ ᠤᠨ ᠦᠯᠢᠭᠡᠷ ᠶᠠᠷᠢᠬᠤ ᠬᠤᠷᠠᠯ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠵᠤ ᠦᠷᠨᠢᠬᠦᠯᠦᠨ᠂ ᠦᠯᠢᠭᠡᠷ ᠳᠠᠭᠤᠷᠢᠶᠠᠯ ᠤᠨ ᠬᠦᠴᠦᠨ ᠢᠶᠠᠷ ᠪᠣᠯᠪᠠᠰᠤᠨ ᠰᠠᠶᠢᠬᠠᠨ ᠨᠤᠲᠤᠭ ᠤᠨ ᠰᠤᠷᠲᠠᠯ᠂  ᠰᠢᠯᠢᠳᠡᠭ ᠰᠠᠶᠢᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠵᠤ᠂   ᠪᠣᠯᠪᠠᠰᠤᠨ ᠡᠶ᠎ᠡ ᠵᠣᠬᠢᠴᠠᠩᠭᠤᠢ ᠠᠭᠤᠷ ᠠᠮᠢᠰᠬᠤᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠳᠤᠬᠤ ᠪᠠᠷ ᠪᠠᠶᠢᠨ᠎ᠠ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号