ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/21
   6 ᠰᠠᠷ᠎ᠠ ᠶᠢᠨ 20 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠠᠷᠪᠠᠨ ᠲᠠᠪᠤᠳᠤᠭᠠᠷ ᠬᠤᠭᠤᠴᠠᠭᠠᠨ ᠤ  ᠬᠤᠰᠢᠭᠤ ᠨᠠᠮ ᠤᠨ ᠬᠤᠷᠢᠶᠠᠨ ᠤ 41 ᠳ᠋ᠤᠭᠡᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠪᠠ᠃  ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ  ᠲᠥᠪ ᠤᠨ ᠤᠯᠤᠰ ᠲᠦᠷᠦ ᠶᠢᠨ ᠲᠣᠪᠴᠢᠶᠠᠨ ᠤ ᠭᠤᠴᠢ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠲᠡᠭᠡᠷᠡᠬᠢ ᠶᠠᠷᠢᠶᠠᠨ ᠤ ᠵᠣᠷᠢᠭ ᠰᠠᠨᠠᠭ᠎ᠠ᠂  ᠶᠡᠷᠦᠩᠬᠡᠢ ᠰᠠᠶᠢᠳ ᠯᠢ ᠺᠧ ᠴᠢᠶᠠᠩ ᠤᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠪᠣᠯᠣᠨ ᠳᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠶᠠᠷᠢᠶᠠᠨ ᠤ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠠᠵᠤ ᠠᠬᠤᠢ ᠶᠢᠨ ᠲᠣᠮᠣ ᠬᠥᠯᠭᠡ ᠶᠢ ᠲᠣᠭᠲᠠᠪᠤᠷᠢᠵᠢᠭᠤᠯᠬᠤ ᠲᠧᠯᠸᠢᠰ ᠤᠳᠠᠰᠤᠳᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠂ ︽ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢ ᠲᠦᠷᠭᠡᠳᠬᠡᠬᠦ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾᠂  ᠰᠦᠨ ᠱᠤᠤ ᠴᠧᠩ ᠱᠦᠵᠢ ᠶᠢᠨ ᠠᠯᠠᠱᠠ ᠠᠶᠢᠮᠠᠭ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ  ᠶᠤᠤ ᠶᠦᠩ ᠪᠦᠸᠧ ᠱᠦᠵᠢ ᠶᠢᠨ ᠰᠢᠯᠢ ᠶᠢᠨ ᠭᠤᠤᠯ ᠠᠶᠢᠮᠠᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠲᠡᠭᠡᠷᠡᠬᠢ ᠶᠠᠷᠢᠶ᠎ᠠ ᠵᠢᠴᠢ ᠠᠶᠢᠮᠠᠭ ᠤᠨ ᠨᠠᠮ ᠤᠨ ᠬᠤᠷᠢᠶ᠎ᠠ ᠪᠣᠯᠣᠨ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠤᠨ ᠵᠥᠪᠳᠡᠯᠴᠡᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ  ᠤᠯᠠᠮᠵᠢᠯᠠᠨ  ᠰᠤᠷᠤᠯᠴᠠᠭᠰᠠᠨ ᠪᠠᠶᠢᠨ᠎ᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂  ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠶᠠᠩ ᠶᠢᠨ ᠮᠢᠩ ᠬᠤᠷᠠᠯ ᠳᠤ ᠰᠤᠯᠠ ᠣᠷᠣᠯᠴᠠᠪᠠ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号