ᠲᠠᠶᠢᠹᠤᠰᠧ ᠬᠤᠰᠢᠭᠤᠨ ᠤ ᠬᠢᠨ  ︽ᠢᠳᠡᠷᠡᠭᠦᠨ ᠠᠯᠬᠤᠭ᠎ᠠ︾  ᠪᠡᠶ᠎ᠡ  ᠴᠢᠬᠢᠷᠠᠭᠵᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/21
  ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠳᠤᠨ᠂ ᠪᠥᠬᠦ ᠠᠷᠠᠳ ᠤᠨ ᠪᠡᠶ᠎ᠡ ᠴᠢᠬᠢᠷᠠᠬᠵᠢᠯ ᠪᠠ ᠪᠥᠬᠦ ᠠᠷᠠᠳ ᠤᠨ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠵᠤ᠂ ᠥᠷᠭᠡᠨ ᠣᠯᠠᠨ ᠢᠳᠡᠷ ᠥᠲᠡᠯᠦᠭᠡ ᠨᠠᠰᠤᠨ ᠤ ᠬᠥᠮᠥᠰ ᠤᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 20 ᠤ ᠡᠳᠦᠷ ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠬᠠᠮᠲᠤᠷᠠᠨ᠂ ᠲᠠᠶᠢᠹᠤᠰᠧ ᠬᠤᠰᠢᠭᠤᠨ ᠤ 2022 ᠣᠨ ᠤ ᠢᠳᠡᠷ ᠥᠲᠡᠯᠦᠭᠡ ᠨᠠᠰᠤᠨ ᠤ ᠬᠥᠮᠥᠰ ᠤᠨ ︽ᠢᠳᠡᠷᠡᠭᠦᠨ ᠠᠯᠬᠤᠭ᠎ᠠ︾  ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠡᠷᠬᠢᠯᠡᠵᠡᠢ᠃  ᠬᠤᠰᠢᠭᠤ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠲᠢᠩ ᠰᠢᠸ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃  ᠡᠨᠡ ᠤᠳᠠᠭᠠᠨ ᠤ ᠶᠠᠪᠠᠭᠠᠨ ᠠᠶᠠᠯᠠᠯ ᠳᠤ ᠨᠡᠶᠢᠭᠡᠮ ᠲᠣᠭᠤᠷᠢᠭ ᠪᠠ ᠬᠠᠮᠢᠶ᠎ᠠ ᠪᠦᠬᠦᠢ ᠨᠢᠭᠡᠴᠡ ᠶᠢᠨ 10 ᠲᠥᠯᠥᠭᠡᠯᠡᠭᠴᠢᠳ ᠤᠨ ᠠᠩᠭᠢ  ᠤᠷᠤᠯᠴᠠᠵᠤ᠂ ᠪᠤᠤᠴᠠᠩ ᠪᠠᠯᠭᠠᠰᠤᠨ ᠤ ᠬᠠᠭᠤᠴᠢᠨ ᠠᠯᠪᠠᠨ ᠠᠰᠠᠷ ᠢᠶᠠᠷ ᠡᠬᠢᠯᠡᠯᠲᠡ ᠶᠢᠨ ᠴᠡᠭ  ᠪᠤᠯᠭᠠᠨ᠂  ᠪᠤᠤᠴᠠᠩ ᠤᠨ ᠪᠠᠷᠠᠭᠤᠨ ᠲᠤᠭᠤᠷᠢᠯ ᠵᠠᠮ ᠢᠶᠠᠷ ᠵᠠᠮᠨᠠᠵᠤ᠂  ᠲᠡᠬᠦᠰᠭᠡᠯ ᠤᠨ ᠴᠡᠭ ᠪᠤᠯᠬᠤ ᠰᠣᠶᠣᠯ ᠤᠨ ᠲᠠᠯᠠᠪᠠᠶ ᠳᠤ  ᠬᠦᠷᠦᠭᠰᠡᠨ ᠪᠠᠶᠢᠨ᠎ᠠ᠃     ᠪᠦᠦ ᠹᠧᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠢ ᠱᠤ᠋ ᠯᠠᠨ᠄  ︽ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠭᠰᠠᠨ ᠡᠨᠡ ᠤᠳᠠᠭᠠᠨ ᠤ ᠶᠠᠪᠠᠭᠠᠨ ᠠᠶᠠᠯᠠᠯ ᠨᠢ ᠮᠠᠰᠢ ᠰᠠᠶᠢᠨ ᠠᠵᠢᠯᠯᠠᠭ᠎ᠠ ᠪᠤᠯᠤᠯ᠎ᠠ᠂  ᠨᠠᠰᠤᠲᠠᠶᠢᠴᠤᠳ ᠤᠨ ᠢᠶᠠᠨ  ᠪᠡᠶ᠎ᠡ ᠮᠠᠬᠠᠪᠤᠳ ᠨᠢ ᠡᠷᠡᠭᠦᠯ ᠴᠢᠭᠢᠷᠠᠭ  ᠂  ᠠᠵᠤ ᠠᠮᠢᠳᠤᠷᠠᠯ  ᠨᠢ ᠠᠵᠠ ᠵᠢᠷᠭᠠᠯ ᠲᠠᠢ  ᠪᠠᠶᠢᠬᠤ ᠶᠢ ᠬᠦᠰᠡᠨ ᠵᠥᠩᠨᠡᠶ᠎ᠡ︾᠃     ᠲᠤᠰ ᠬᠤᠰᠢᠭᠤ ᠨᠢ ᠡᠨᠡ ᠤᠳᠠᠭᠠᠨ ᠤ ︽ᠢᠳᠡᠷᠡᠭᠦᠨ ᠠᠯᠬᠤᠭ᠎ᠠ︾ ᠶᠠᠪᠠᠭᠠᠨ ᠠᠶᠠᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠲᠠᠮᠵᠢᠭᠠᠳ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠤᠬᠠᠮᠰᠠᠷ ᠪᠠ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠠᠮᠢᠳᠤᠷᠠᠯ ᠤᠨ ᠴᠢᠨᠠᠷ ᠴᠢᠨᠰᠠᠭ᠎ᠠ ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠶᠢᠨ ᠬᠠᠮᠲᠤ  ᠂  ᠪᠥᠬᠦ ᠠᠷᠠᠳ ᠤᠨ ᠪᠡᠶ᠎ᠡ  ᠴᠢᠬᠢᠷᠠᠬᠵᠢᠯ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号