ᠪᠣᠯᠵᠣᠨ ᠶᠠᠷᠢᠯᠴᠠᠬᠤ ᠬᠤᠷᠠᠯ  ᠬᠤᠷᠠᠯᠳᠤᠭᠤᠯᠵᠤ ᠬᠢᠵᠢᠭ ᠰᠡᠷᠭᠡᠶᠢᠯᠡᠬᠦ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2022/6/21
    ᠵᠣᠴᠢᠳ ᠤᠨ ᠪᠠᠭᠤᠳᠠᠯ ᠤᠨ ᠦᠢᠯᠡᠴᠢᠯᠡᠭᠡᠨ ᠤ ᠠᠵᠢᠯ ᠲᠦᠷᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠲᠦᠷᠢᠮᠵᠢᠬᠦᠯᠬᠦ ᠶᠢᠨ ᠲᠥᠯᠥᠭᠡ᠂ 6 ᠰᠠᠷ᠎ᠠ ᠶᠢᠨ 20 ᠤ ᠡᠳᠦᠷ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ᠂ ᠵᠣᠴᠢᠳ ᠤᠨ ᠪᠠᠭᠤᠳᠠᠯ ᠤᠨ ᠬᠢᠵᠢᠭ ᠰᠡᠷᠭᠡᠶᠢᠯᠡᠬᠦ ᠠᠵᠢᠯ ᠤᠨ ᠪᠣᠯᠵᠣᠨ ᠶᠠᠷᠢᠯᠴᠠᠬᠤ ᠬᠤᠷᠠᠯ ᠬᠢᠵᠦ᠂ 134 ᠡᠷᠦᠬᠡ ᠵᠣᠴᠢᠳ ᠤᠨ ᠪᠠᠭᠤᠳᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠬᠤᠷᠠᠯ ᠠᠴᠠ᠂ ᠵᠣᠴᠢᠳ ᠤᠨ ᠪᠠᠭᠤᠳᠠᠯ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠲᠠᠯᠠᠪᠤᠷ ᠪᠣᠯᠤᠭᠰᠠᠨ ᠤ ᠬᠤᠪᠢ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠴᠡᠭᠡᠷᠯᠡᠨ᠂ ᠬᠢᠵᠢᠭ  ᠰᠡᠷᠭᠡᠶᠢᠯᠡᠯᠳᠡ ᠶᠢ ᠤᠷᠳᠤ ᠬᠤᠭᠤᠴᠠᠭᠠᠨ ᠤ ᠠᠵᠢᠯ ᠪᠣᠯᠭᠠᠨ ᠴᠢᠩᠭ᠎ᠠ ᠮᠦᠷᠳᠡᠭᠡᠨ ᠪᠣᠳᠠᠲᠠᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠭᠤᠳᠠᠯ ᠳᠤ ᠰᠠᠭᠤᠭᠰᠠᠳ ᠢ ᠪᠦᠷᠢᠳᠬᠡᠨ ᠪᠠᠶᠢᠴᠠᠭᠠᠬᠤ ᠠᠵᠢᠯ  ᠢ ᠯᠠᠪᠳᠠᠭᠤᠨ ᠪᠠᠲᠤᠲᠠᠢ ᠰᠠᠶᠢᠨ ᠬᠢᠬᠦ ᠬᠡᠷᠡᠭᠲᠡᠢ᠃ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠵᠦᠷᠢᠶ᠎ᠡ ᠳᠤᠲᠠᠭᠳᠠᠯ ᠪᠠ ᠬᠡᠮ ᠰᠤᠭᠤᠭ ᠢ ᠨᠢᠮᠪᠠᠢ ᠡᠷᠢᠵᠦ᠂ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠲᠡᠬᠦᠯᠳᠡᠷᠵᠢᠬᠦᠯᠦᠨ᠂  ᠣᠷᠣᠵᠤ ᠭᠠᠷᠬᠤ ᠬᠠᠮᠢᠶᠠᠷᠤᠯᠳᠠ᠂ ᠬᠤᠪᠢ ᠬᠥᠮᠥᠨ ᠤ ᠬᠠᠮᠠᠭᠠᠯᠠᠯᠲᠠ᠂ ᠬᠠᠯᠠᠭᠤᠨ ᠢ ᠬᠡᠮᠵᠢᠵᠦ ᠺᠤᠳ᠋ ᠰᠢᠯᠭᠠᠬᠤ᠂  ᠠᠷᠢᠭᠤᠳᠬᠠᠯ ᠬᠢᠵᠦ ᠰᠠᠯᠬᠢ ᠨᠡᠪᠲᠡᠷᠡᠭᠦᠯᠬᠦ᠂  ᠡᠷᠡᠭᠦᠯ ᠮᠡᠨᠳᠦ ᠶᠢᠨ ᠤᠬᠠᠭᠤᠯᠭ᠎ᠠ ᠬᠦᠮᠦᠵᠢᠯ ᠵᠡᠷᠭᠡ ᠠᠷᠭ᠎ᠠ  ᠲᠦᠷᠢᠮ ᠢ ᠨᠠᠶᠢᠳᠠᠪᠤᠷᠢᠵᠢᠭᠤᠯᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠮᠡᠳᠡᠬᠦᠯᠦᠨ᠂  ᠪᠠᠴᠢᠮ ᠪᠠᠶᠢᠳᠠᠯ ᠢ ᠠᠷᠭᠠᠴᠠᠬᠤ  ᠪᠡᠯᠡᠳᠬᠡᠯ  ᠪᠠ ᠪᠠᠲᠤᠯᠠᠭ᠎ᠠ ᠲᠠᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠰᠡᠷᠭᠡᠶᠢᠯᠡᠯᠳᠡ ᠶᠢ ᠦᠢᠯᠡᠳᠦᠯᠬᠡᠵᠢᠬᠦᠯᠦᠨ᠂ ︽ᠬᠢᠵᠢᠭ ᠤᠷᠤᠭᠤᠯᠬᠤ ᠦᠭᠡᠢ︾  ᠬᠤᠷᠢᠭ᠎ᠠ ᠱᠤᠭᠤᠮ ᠢ ᠪᠠᠲᠤ  ᠰᠠᠬᠢᠬᠤ ᠭᠡᠷᠡᠭᠳᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃  ᠡᠨᠡ ᠤᠳᠠᠭᠠᠨ ᠤ ᠪᠣᠯᠵᠣᠨ ᠶᠠᠷᠢᠯᠴᠠᠬᠤ ᠬᠤᠷᠠᠯ ᠢ ᠬᠤᠷᠠᠯᠳᠤᠭᠰᠠᠨ ᠨᠢ ᠵᠣᠴᠢᠳ ᠤᠨ ᠪᠠᠭᠤᠳᠠᠯ ᠤᠨ ᠬᠠᠷᠢᠭᠤᠴᠠᠯᠭᠠᠲᠠᠨ ᠤ ᠦᠵᠡᠯ ᠰᠠᠨᠠᠭ᠎ᠠ ᠲᠠᠨᠢᠯᠲᠠ ᠶᠢ ᠤᠯᠠᠮ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠲᠤᠳᠤᠷᠬᠠᠶᠢᠯᠠᠭᠠᠳ᠂ ᠬᠤᠶᠢᠰᠢᠳᠠ ᠶᠢᠨ  ᠬᠢᠵᠢᠭ  ᠰᠡᠷᠭᠡᠶᠢᠯᠡᠬᠦ ᠠᠵᠢᠯ ᠢ  ᠰᠠᠶᠢᠨ ᠬᠢᠬᠦ ᠳᠤ ᠨᠠᠩ ᠪᠠᠲᠤ ᠪᠠᠬᠢ ᠰᠠᠭᠤᠷᠢ ᠶᠢ  ᠲᠠᠯᠪᠢᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号