ᠬᠢᠵᠢᠭ  ᠲᠠᠢ ᠲᠡᠮᠡᠴᠡᠬᠦ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠺᠠᠳ᠋ᠷ ᠠᠵᠢᠯᠳᠠᠳ ᠲᠤ ᠥᠭᠭᠦᠭᠰᠡᠨ ᠲᠠᠯᠠᠷᠬᠠᠯ ᠤᠨ ᠵᠠᠬᠢᠳᠠᠯ
ᠨᠡᠶᠢᠲᠡᠯᠡᠭᠰᠡᠨ ᠴᠠᠭ᠄
2022/6/21
ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠲᠠ ᠪᠦᠬᠦᠨ ᠮᠢᠨᠢ ᠰᠠᠶᠢᠨ ᠪᠠᠶᠢᠨ᠎ᠠ ᠤᠤ᠄     ᠡᠨᠡ ᠵᠢᠯ ᠠᠴᠠ ᠨᠠᠰᠢ᠂ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠪᠠᠶᠢᠨ ᠲᠠᠬᠢᠨ ᠬᠤᠪᠢᠷᠠᠯᠲᠠ ᠭᠠᠷᠴᠤ᠂ ᠰᠡᠷᠭᠡᠶᠢᠯᠡᠨ ᠡᠵᠡᠮᠳᠡᠬᠦ  ᠠᠵᠢᠯ ᠡᠭᠦᠷᠭᠡ ᠲᠤᠶᠢᠯ ᠤᠨ ᠬᠠᠲᠠᠭᠤ ᠪᠡᠷᠬᠡ ᠪᠠᠶᠢᠭ᠎ᠠ᠃ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠲᠠ ᠪᠦᠬᠦᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ ᠶᠤᠰᠤᠭᠠᠷ᠂  ᠠᠶᠤᠯ ᠲᠦᠭᠰᠢᠬᠦᠷᠢ ᠶᠢ ᠰᠦᠷᠦᠨ  ᠂ ᠡᠮᠦᠨ᠎ᠡ ᠹᠠᠷᠤᠨᠲ ᠲᠤ ᠭᠠᠪᠰᠢᠭᠠᠶᠢᠯᠠᠵᠤ᠂  ᠭᠤᠶᠠᠴᠢ ᠦᠭᠡᠢ ᠵᠢᠳᠬᠦᠵᠦ᠂  ᠰᠡᠷᠭᠡᠶᠢᠯᠡᠯᠳᠡ ᠶᠢᠨ ᠪᠤᠭᠤᠮᠳᠠ ᠶᠢ ᠡᠷᠡᠰ ᠰᠠᠬᠢᠭᠠᠳ᠂ ᠲᠠᠶᠢᠹᠤᠰᠧ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠪᠠᠲᠤ ᠪᠠᠬᠢ ᠬᠠᠮᠠᠭᠠᠯᠠᠯᠲᠠ ᠶᠢᠨ ᠬᠡᠷᠡᠮ ᠢ ᠴᠣᠭᠴᠠᠯᠠᠨ ᠥᠭᠴᠦ᠂ ᠬᠤᠰᠢᠭᠤ ᠨᠤᠳᠤᠭ ᠤᠨ ᠢᠶᠠᠨ ᠠᠵᠤ ᠠᠬᠤᠢ ᠨᠡᠶᠢᠭᠡᠮ ᠤᠨ ᠡᠮᠬᠢ ᠵᠢᠷᠤᠮ ᠲᠠᠢ ᠡᠷᠭᠢᠯᠲᠡ ᠶᠢ ᠪᠠᠲᠤᠯᠠᠭᠰᠠᠨ ᠪᠠᠶᠢᠨ᠎ᠠ᠃     ᠬᠢᠵᠢᠭ ᠰᠡᠷᠭᠡᠶᠢᠯᠡᠬᠦ ᠬᠠᠮᠳᠤ ᠶᠢᠨ ᠳᠠᠶᠢᠨ ᠤ ᠢᠯᠠᠯᠲᠠ ᠶᠢ ᠣᠯᠬᠤ ᠶᠠᠪᠤᠴᠠ ᠳᠤ᠂ ᠮᠠᠨ ᠤ ᠬᠤᠰᠢᠭᠤᠨ ᠤ ᠡᠮᠴᠢ ᠰᠤᠪᠢᠯᠠᠭᠴᠢᠳ ᠤᠬᠠᠮᠰᠠᠷ ᠠᠴᠠ ᠪᠠᠨ ᠨᠢᠭᠡᠳᠦᠭᠡᠷ ᠹᠷᠣᠨᠲ ᠲᠤ ᠬᠤᠰᠢᠭᠤᠴᠢᠯᠠᠵᠤ᠂ ᠠᠷᠠᠳ ᠤᠨ ᠴᠠᠭᠳᠠᠭ᠎ᠠ ᠨᠠᠷ ᠡᠳᠦᠷ ᠰᠥᠨᠢ ᠦᠭᠡᠢ ᠨᠢᠭᠡᠳᠦᠭᠡᠷ ᠹᠷᠣᠨᠲ ᠢ ᠲᠤᠰᠠᠯᠠᠨ᠂ ᠨᠡᠶᠢᠭᠡᠮ ᠲᠣᠭᠤᠷᠢᠭ ᠤᠨ ᠠᠵᠢᠯᠳᠠᠳ ᠪᠣᠯᠣᠨ ᠰᠤᠮᠤ ᠪᠠᠯᠭᠠᠰᠤᠨ ᠤ ᠺᠠᠳ᠋ᠷᠴᠤᠳ ᠠᠵᠢᠯ ᠤᠨ ᠪᠠᠶᠢᠷᠢ ᠪᠠᠨ ᠪᠠᠳᠤ ᠰᠠᠬᠢᠵᠤ᠂  ᠵᠠᠮ ᠬᠠᠷᠢᠯᠴᠠᠭᠠᠨ ᠤ ᠬᠠᠷᠠᠭᠤᠯᠴᠢᠳ ᠡᠳᠦᠷ ᠰᠦᠨᠢ ᠦᠬᠡᠢ ᠵᠢᠵᠢᠬᠦᠷᠯᠡᠨ᠂ ᠪᠠᠶᠢᠭᠤᠯᠭ᠎ᠠ ᠨᠢᠬᠡᠴᠡ ᠶᠢᠨ ᠺᠠᠳ᠋ᠷ ᠠᠵᠢᠯᠳᠠᠨ ᠨᠡᠶᠢᠭᠡᠮ ᠲᠣᠭᠤᠷᠢᠭ ᠲᠤ ᠬᠦᠨᠵᠡᠬᠡᠶᠢᠷᠡᠵᠦ᠂  ᠡᠯ᠎ᠡ ᠡᠳᠡᠭᠡᠳ ᠤᠨ ᠰᠠᠶᠢᠨ ᠲᠤᠷᠠᠳᠠᠳ ︽ᠲᠠᠶᠢᠨ ᠳᠤ ᠣᠷᠤᠯᠴᠠᠬᠤ︾ ᠪᠠᠷ ᠨᠡᠷ᠎ᠡ ᠮᠡᠳᠡᠬᠦᠯᠦᠨ᠂  ᠵᠠᠮ ᠲᠡᠭᠡᠭᠡᠪᠦᠷᠢ  ᠂ ᠬᠤᠨᠤᠭ  ᠪᠠᠶᠢᠷᠢ   ᠢ ᠬᠠᠷᠢᠭᠤᠴᠠᠭᠰᠠᠨ ᠠᠵᠢᠯ ᠲᠦᠷᠦᠯ   ᠤᠨ ᠬᠢᠨ  ᠬᠠᠯᠠᠭᠤᠨ ᠳᠣᠲᠣᠨᠣ ᠦᠢᠯᠡᠴᠢᠯᠡᠭᠡ ᠶᠢ ᠬᠤᠯᠠ ᠤᠶᠢᠷ᠎ᠠ ᠶᠢᠨ ᠲᠤᠰᠠᠭᠠᠷᠯᠠᠭᠳᠠᠭᠰᠠᠨ ᠬᠦᠮᠦᠰ ᠲᠤ ᠬᠠᠩᠭᠠᠵᠤ ᠢᠷᠡᠵᠡᠢ ᠁︾     ᠲᠡ ᠪᠦᠬᠦᠨ ᠮᠢᠨᠢ ᠠᠶᠢᠯ ᠭᠡᠷ ᠤᠨ ᠢᠶᠠᠨ ᠠᠵᠤ ᠠᠮᠢᠳᠤᠷᠠᠯ  ᠂ ᠠᠮᠢ ᠪᠡᠶ᠎ᠡ ᠶᠢᠨ ᠢᠶᠠᠨ ᠠᠮᠤᠷ ᠲᠦᠪᠰᠢᠨ ᠢ ᠬᠠᠶᠢᠬᠤᠷᠤᠯ ᠦᠭᠡᠢ᠂ ᠴᠠᠭ ᠮᠦᠴᠡ ᠲᠠᠢ ᠤᠷᠤᠯᠳᠤᠨ᠂  ᠴᠢᠪᠢᠯᠳᠦ ᠬᠢᠵᠢᠭ ᠲᠠᠢ ᠲᠡᠮᠡᠴᠡᠵᠦ᠂  ᠦᠢᠯᠡ  ᠠᠵᠢᠯᠯᠠᠭ᠎ᠠ ᠪᠠᠷ ᠢᠶᠠᠨ  ᠲᠠᠶᠢᠹᠤᠰᠧ ᠬᠤᠰᠢᠭᠤᠨ ᠤ ᠤᠯᠠᠨ ᠲᠦᠮᠡᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ᠂ ᠨᠠᠮ ᠤᠨ ᠭᠡᠰᠢᠭᠦᠨ ᠺᠠᠳ᠋ᠷ ᠠᠵᠢᠯᠳᠠᠳ ᠤᠨ ᠤᠭ ᠰᠠᠨᠠᠭ᠎ᠠ ᠬᠢᠭᠡᠳ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠬᠠᠯᠠᠭᠤᠨ ᠰᠡᠳᠬᠢᠯ ᠢ ᠢᠯᠡᠷᠡᠬᠦᠯᠵᠦ᠂  ᠪᠦᠬᠦ ᠬᠤᠰᠢᠭᠤ᠂ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠶᠤᠮ᠃ ᠠᠳᠡ ᠬᠤᠰᠢᠭᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠠᠴᠠ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠤᠨ ᠪᠦᠬᠦ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠲᠡᠪᠰᠢᠬᠦᠯᠵᠦ ᠪᠠᠶᠢᠨ᠎ᠠ︕  ᠮᠦᠨ ᠴᠤ ᠲᠠᠨᠠᠷ  ᠤᠨ ᠠᠵᠢᠯ ᠢ ᠦᠭᠡ ᠳᠠᠭᠤᠨ ᠦᠭᠡᠢ ᠲᠡᠮᠵᠢᠵᠦ ᠢᠷᠡᠭᠰᠡᠨ ᠭᠡᠷ ᠪᠦᠯᠢ᠂ ᠲᠦᠷᠦᠯ ᠰᠠᠳᠤᠨ ᠳᠤ ᠴᠢᠨᠢ ᠴᠢᠩ ᠰᠡᠳᠬᠢᠯ ᠤᠨ ᠲᠠᠯᠠᠷᠬᠠᠯ ᠲᠡᠪᠰᠢᠬᠦᠯᠵᠦ ᠪᠠᠶᠢᠨ᠎ᠠ︕     ᠬᠢᠵᠢᠭ ᠤᠨ ᠪᠠᠶᠢᠳᠠᠯ ᠠᠷᠢᠯᠬᠤ ᠦᠭᠡᠢ ᠪᠤᠯ ᠰᠡᠷᠭᠡᠶᠢᠯᠡᠨ ᠡᠵᠡᠮᠳᠡᠬᠦ ᠠᠵᠢᠯ ᠴᠤ ᠵᠤᠭᠰᠤᠬᠤ ᠪᠤᠯᠤᠮᠵᠢ ᠦᠬᠡᠢ᠃ ᠣᠳᠣᠬᠠᠨ ᠳᠤ ᠬᠢᠵᠢᠭ ᠰᠡᠷᠭᠡᠶᠢᠯᠡᠬᠦ ᠶᠡᠭᠡ ᠰᠢᠯᠭᠠᠯᠲᠠ ᠪᠠᠰᠠ ᠦᠷᠭᠦᠯᠵᠢᠯᠡᠵᠦ ᠪᠠᠶᠢᠨ᠎ᠠ᠂ ᠪᠢᠳᠡ ᠥᠴᠥᠬᠡᠨ ᠲᠡᠳᠦᠢ ᠴᠦ  ᠤᠰᠤᠯᠳᠠᠵᠤ ᠴᠠᠯᠠᠭᠠᠶᠢᠳᠠᠬᠤ ᠦᠭᠡᠢ ᠪᠠᠷ ᠦᠷᠭᠦᠯᠵᠢᠯᠡᠨ ᠲᠡᠮᠡᠴᠡᠬᠦ ᠴᠢᠬᠤᠯᠠᠳᠠᠢ ᠪᠠᠶᠢᠭ᠎ᠠ᠃ ᠨᠢᠭᠡᠳᠦᠭᠡᠷ ᠹᠷᠣᠨᠲ ᠤᠨ ᠪᠦᠬᠦ ᠠᠵᠢᠯᠲᠠᠳ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠨ ᠬᠢᠭᠰᠡᠨ ᠤᠷᠢᠲᠠᠯ ᠳᠣᠣᠷ᠎ᠠ᠂ ᠠᠵᠢᠯ ᠤᠨ ᠪᠠᠶᠢᠷᠢ ᠳᠠᠭᠠᠨ ᠰᠠᠶᠢᠨ ᠵᠤᠭᠰᠤᠵᠤ᠂  ᠰᠡᠷᠭᠡᠶᠢᠯᠡᠯᠳᠡ ᠶᠢᠨ ︽ᠡᠭᠦᠳᠡ︾ ᠶᠢ ᠪᠠᠳᠤ ᠰᠠᠬᠢᠬᠤ ᠶᠢ ᠬᠦᠰᠡᠵᠦ ᠪᠠᠶᠢᠨ᠎ᠠ᠃ ᠬᠤᠰᠢᠭᠤ ᠲᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ᠂ ᠪᠢᠳᠡ ᠯᠠᠪᠲᠠᠶ᠎ᠠ ᠬᠢᠵᠢᠭ ᠢ ᠬᠤᠷᠢᠭᠯᠠᠵᠤ ᠬᠢᠵᠢᠭ ᠢ ᠢᠯᠠᠵᠤ᠂ ᠬᠢᠵᠢᠭ   ᠰᠡᠷᠭᠡᠶᠢᠯᠡᠬᠦ ᠠᠵᠢᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠡᠷᠭᠡᠪᠡᠷ ᠠᠬᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ ᠴᠢᠳᠠᠨ᠎ᠠ ᠭᠡᠳᠡᠭ ᠲᠤ  ᠪᠠᠲᠤ ᠢᠳᠡᠬᠡᠨᠡᠮ︕      ᠠᠵᠢᠯ ᠦᠢᠯᠡᠰ ᠲᠤ ᠴᠢᠨᠢ ᠠᠮᠵᠢᠯᠳᠠ ᠬᠦᠰᠡᠵᠦ  ᠂  ᠠᠶᠢᠯ ᠭᠡᠷ ᠲᠤ ᠴᠢᠨᠢ ᠵᠢᠷᠭᠠᠯ ᠵᠦᠩᠨᠡᠶ᠎ᠡ︕                                                                      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠬᠤᠷᠢᠶ᠎ᠠ                                                                      ᠲᠠᠶᠢᠹᠤᠰᠧ   ᠬᠤᠰᠢᠭᠤᠨ   ᠤ   ᠠᠷᠠᠳ   ᠤᠨ   ᠵᠠᠰᠠᠭ   ᠤᠨ   ᠣᠷᠳᠣᠨ                                                                                             2022 ᠣᠨ ᠤ 6 ᠰᠠᠷ᠎ᠠ ᠶᠢᠨ 21 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号