ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/22
   6 ᠰᠠᠷ᠎ᠠ ᠶᠢᠨ 21 ᠤ ᠡᠳᠦᠷ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠵᠠᠨ ᠷᠦᠢ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠵᠤ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠲᠡᠳ᠋ ᠡᠷᠭᠢᠯᠡᠭᠴᠢ ᠯᠢ ᠱᠣᠣ ᠯᠢᠨ᠂ ᠪᠠᠭᠠᠲᠤᠷ᠂ ᠦ᠋ ᠭᠤᠸᠠᠩ ᠹᠧᠩ᠂ ᠵᠠᠩ ᠸᠧᠨ ᠴᠠᠩ ᠬᠤᠷᠠᠯ ᠳᠤ ᠤᠷᠤᠯᠴᠠᠵᠠᠢ᠃ ᠬᠤᠷᠠᠯ ᠠᠴᠠ ᠵᠥᠪᠯᠡᠬᠦ ᠵᠦᠢᠯ ᠤᠨ ᠲᠥᠰᠥᠯ ᠢ ᠪᠠᠳᠤᠯᠠᠨ᠂  ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠬᠠᠤᠯᠢᠵᠢᠭᠰᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠦᠪᠯᠡᠵᠦ᠂ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠭᠤᠣᠯᠳᠠᠯᠭ᠎ᠠ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠱᠠᠭᠠᠷᠳᠠᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠤ ᠬᠠᠮᠳᠤ᠂ ᠬᠤᠰᠢᠭᠤ ᠵᠠᠰᠠᠭ ᠤᠨ ᠣᠷᠳᠣᠨ ᠤ 2022 ᠣᠨ ᠤ ᠨᠢᠭᠡᠳᠦᠭᠡᠷ ᠪᠦᠯᠦᠭ ᠤᠨ ᠰᠢᠨ᠎ᠡ ᠪᠠᠷ ᠨᠡᠮᠡᠭᠳᠡᠭᠰᠡᠨ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢ ᠵᠤᠯᠭᠠᠭᠤᠯᠬᠤ ᠲᠤᠬᠠᠢ ᠮᠡᠳᠡᠭᠦᠯᠦᠯᠲᠡ ᠪᠠ 2022 ᠣᠨ ᠤ ᠨᠢᠭᠡᠳᠦᠭᠡᠷ ᠪᠦᠯᠦᠭ ᠤᠨ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠶᠢ ᠵᠤᠯᠭᠠᠭᠤᠯᠬᠤ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ᠂  ᠬᠤᠰᠢᠭᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ ᠶᠦᠩ ᠾᠧ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠳᠠᠷᠤᠭ᠎ᠠ ᠸᠠᠩ ᠵᠢᠦᠢ ᠰᠢ   ᠬᠤᠷᠠᠯ ᠳᠤ ᠰᠤᠯᠠ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号