ᠶᠦᠩ ᠹᠧᠩ ᠪᠠᠯᠭᠠᠰᠤ ᠭᠠᠯ ᠤᠨᠲᠠᠷᠠᠭᠠᠬᠤ ᠠᠵᠢᠯ ᠤᠨ ᠤᠬᠠᠭᠤᠯᠭ᠎ᠠ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2022/6/22
     ᠵᠤᠨ ᠤ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠮᠡᠳᠡᠯᠭᠡ ᠶᠢ ᠤᠬᠠᠭᠤᠯᠵᠤ᠂  ᠭᠠᠯ ᠰᠡᠷᠭᠡᠶᠢᠯᠡᠵᠦ ᠭᠠᠯ ᠤᠨᠳᠠᠷᠠᠭᠠᠬᠤ ᠪᠠ ᠠᠶᠤᠯ ᠠᠴᠠ ᠵᠠᠶᠢᠯᠠᠵᠤ ᠠᠮᠢ ᠵᠢᠭᠤᠳᠠᠬᠤ  ᠮᠡᠳᠡᠯᠭᠡ ᠴᠢᠳᠠᠪᠤᠷᠢ ᠶᠢ ᠠᠷᠠᠳ  ᠢᠷᠭᠡᠳ ᠲᠤ ᠰᠠᠶᠢᠨ ᠡᠵᠡᠮᠰᠢᠭᠦᠯᠬᠦ ᠶᠢᠨ ᠲᠤᠰᠠᠳᠠ᠂ 6 ᠰᠠᠷ᠎ᠠ ᠶᠢᠨ 17 ᠤ ᠡᠳᠦᠷ ᠶᠦᠩ ᠹᠧᠩ ᠪᠠᠯᠭᠠᠰᠤ 2022 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠲᠣᠰᠬᠤᠨ ᠤ ᠱᠦᠵᠢ᠂ ᠳᠡᠳ᠋ ᠱᠦᠵᠢ᠂ ᠳᠡᠳ᠋ ᠡᠷᠬᠢᠯᠡᠭᠴᠢ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂  ᠬᠠᠮᠢᠶ᠎ᠠ ᠪᠦᠬᠦᠢ ᠠᠵᠢᠯᠳᠠᠨ ᠠᠴᠠ ᠣᠶᠢᠷ᠎ᠠ ᠶᠢᠨ ᠵᠢᠯ ᠳᠤ ᠡᠭᠦᠰᠦᠭᠰᠡᠨ ᠭᠠᠯ ᠤᠨ ᠭᠠᠮᠰᠢᠭ ᠤᠨ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ᠂ ᠭᠠᠯ ᠭᠠᠷᠤᠭᠰᠠᠨ ᠶᠠᠪᠤᠴᠠ᠂ ᠡᠳᠦᠷ ᠲᠤᠳᠤᠮ   ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠡᠷᠦ ᠶᠢᠨ ᠮᠡᠳᠡᠯᠭᠡ ᠵᠢᠴᠢ ᠭᠠᠯ ᠤᠨ ᠠᠶᠤᠯ ᠠᠴᠠ ᠪᠣᠯᠤᠭᠰᠠᠨ ᠬᠠᠷᠠᠰᠠᠯᠲᠤ ᠦᠷ᠎ᠡ   ᠨᠦᠯᠦᠭᠡ ᠶᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ  ᠲᠤᠬᠠᠢ ᠲᠠᠰᠢᠶᠠᠷᠠᠯ ᠢ ᠵᠠᠯᠠᠷᠠᠭᠤᠯᠬᠤ ᠶᠢᠨ ᠬᠠᠮᠲᠤ  ᠂ ᠭᠠᠯ  ᠤᠨᠳᠠᠷᠠᠭᠠᠬᠤ ᠪᠠᠭᠠᠵᠢ ᠲᠦᠬᠦᠭᠡᠷᠦᠮᠵᠢ ᠶᠢ ᠶᠠᠭᠠᠬᠢᠵᠤ ᠬᠡᠷᠡᠭᠯᠡᠬᠦ  ᠲᠤᠬᠠᠢ ᠨᠠᠷᠢᠨ  ᠲᠤᠳᠤᠷᠬᠠᠢ ᠲᠠᠶᠢᠯᠪᠤᠷᠢᠯᠠᠵᠤ ᠲᠠᠨᠢᠯᠴᠠᠭᠤᠯᠤᠭᠰᠠᠨ ᠪᠠᠶᠢᠨ᠎ᠠ᠃ ᠬᠤᠷᠠᠯ ᠤᠨ ᠲᠠᠷᠠᠭ᠎ᠠ᠂  ᠠᠵᠢᠯᠲᠠᠳ ᠠᠴᠠ ᠤᠯᠠᠨ ᠢ ᠳᠠᠭᠠᠭᠤᠯᠤᠨ ︽ᠳᠦᠷᠪᠡᠨ ᠠᠯᠬᠤᠮ ᠤᠨ ᠠᠷᠭ᠎ᠠ︾ ᠶᠣᠰᠣᠭᠠᠷ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ  ᠭᠡᠷᠡᠭᠯᠡᠬᠦ ᠠᠷᠭ᠎ᠠ ᠲᠡᠮ ᠢ ᠰᠤᠷᠤᠯᠴᠠᠭᠤᠯᠵᠠᠢ᠃ ᠤᠬᠠᠭᠤᠯᠭ᠎ᠠ ᠪᠣᠯᠪᠠᠰᠤᠷᠠᠯ ᠪᠠᠷ ᠲᠠᠮᠵᠢᠭᠠᠳ᠂  ᠲᠤᠰᠬᠤᠨ ᠤ ᠺᠠᠳ᠋ᠷ  ᠪᠠ  ᠲᠠᠷᠢᠶᠠᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂  ᠠᠷᠠᠳ ᠣᠯᠠᠨ ᠤ ᠭᠠᠯ ᠤᠨᠲᠠᠷᠠᠭᠠᠬᠤ᠂ ᠠᠮᠢ ᠵᠢᠭᠤᠲᠠᠬᠤ ᠴᠢᠳᠠᠪᠤᠷᠢ ᠶᠢ ᠲᠡᠭᠡᠭᠰᠢᠯᠡᠬᠦᠯᠦᠭᠡᠳ᠂ ᠪᠦᠬᠦ ᠪᠠᠯᠭᠠᠰᠤᠨ ᠤ ᠵᠣᠨ ᠤ ᠤᠯᠠᠷᠢᠯ ᠤᠨ ᠭᠠᠯ  ᠰᠡᠷᠭᠡᠶᠢᠯᠡᠬᠦ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号