ᠯᠦᠸᠧ ᠲᠦᠸᠧ ᠱᠠᠨ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/22
    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠬᠦᠯᠦᠨ ᠦᠷᠭᠡᠳᠭᠡᠬᠦ ︽ᠡᠷᠬᠢᠨ ᠬᠠᠷᠠᠬᠤ︾ ᠲᠤᠰᠬᠠᠢ ᠠᠵᠢᠯᠯᠠᠭ᠎ᠠ ᠶᠢ ᠴᠢᠨᠠᠭᠰᠢᠳᠠ  ᠠᠬᠢᠭᠤᠯᠤᠨ᠂ ᠳᠠᠷᠠᠭᠠᠴᠢ ᠶᠢᠨ ᠠᠯᠬᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠭᠤᠣᠯᠳᠠᠯᠭ᠎ᠠ ᠶᠢ ᠲᠣᠬᠢᠷᠠᠭᠤᠯᠤᠨ ᠪᠠᠶᠢᠷᠢᠯᠠᠭᠤᠯᠬᠤ   ᠪᠠᠷ᠂ 6 ᠰᠠᠷ᠎ᠠ ᠶᠢᠨ 21  ᠤ ᠡᠳᠦᠷ ᠯᠦᠸᠧ ᠲᠦᠸᠧ ᠱᠠᠨ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠬᠤᠷᠠᠯ ᠡᠷᠭᠢᠯᠡᠵᠦ᠂ ᠪᠠᠯᠭᠠᠰᠤᠨ ᠤ  ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂  ᠳᠡᠳ᠋ ᠪᠠᠯᠭᠠᠰᠤᠨ ᠳᠠᠷᠤᠭ᠎ᠠ ᠾᠧᠦ ᠵᠢᠶᠠᠨ ᠶᠦᠨ ᠠᠴᠠ ︽ᠡᠷᠬᠢᠨ ᠬᠠᠷᠠᠬᠤ︾  ᠠᠷᠪᠠᠨ  ᠲᠠᠯ᠎ᠠ ᠶᠢᠨ ᠠᠭᠤᠯᠭ᠎ᠠ ᠵᠢᠴᠢ ᠠᠩᠬᠠᠷᠬᠤ ᠵᠦᠢᠯ  ᠂ ᠲᠠᠩᠰᠠ ᠡᠪᠬᠡᠮᠡᠯ ᠲᠢᠭᠯᠡᠬᠦ ᠵᠡᠷᠭᠡ ᠠᠵᠢᠯ ᠤᠨ ᠲᠠᠯ᠎ᠠ ᠪᠠᠷ ᠱᠠᠭᠠᠷᠳᠠᠯᠭ᠎ᠠ ᠲᠤᠷᠠᠳᠴᠤ᠂  ᠲᠠᠷᠠᠭᠠᠴᠢ ᠶᠢᠨ ᠠᠯᠬᠤᠮ ᠤᠨ ᠨᠤᠷᠠᠬᠤ ᠠᠶᠤᠯᠲᠠᠢ ᠭᠡᠷ ᠪᠠᠶᠢᠰᠢᠩ  ᠤᠨ ᠦᠬᠡᠷᠡᠴᠢᠯᠡᠯᠳᠡ᠂  ᠣᠷᠣᠰᠢᠨ  ᠰᠠᠭᠤᠷᠢᠰᠢᠬᠤ ᠣᠷᠴᠢᠨ  ᠲᠤᠭᠤᠷᠢᠨ ᠤ ᠵᠠᠰᠠᠯᠳᠠ ᠶᠢᠨ ᠠᠵᠢᠯ ᠢ  ᠪᠠᠶᠢᠷᠢᠯᠠᠭᠤᠯᠤᠨ ᠂ ᠳᠡᠳ᠋ ᠪᠠᠯᠭᠠᠰᠤᠨ ᠳᠠᠷᠤᠭ᠎ᠠ ᠶᠤᠸᠠᠨ ᠰᠢᠶᠣᠣ ᠳ᠋ᠦᠩ ᠠᠴᠠ ᠡᠯ᠎ᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ᠂ ᠳᠦᠷᠢᠮ ᠤᠨ ᠪᠠᠶᠢᠭᠤᠯᠤᠯᠲᠠ ᠵᠡᠷᠭᠡ ᠠᠵᠢᠯ ᠳᠤ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠠᠴᠠ᠂  ᠨᠢᠭᠡ ᠳᠤ ︽ᠡᠷᠬᠢᠨ ᠬᠠᠷᠠᠬᠤ︾ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠣᠷᠣᠰᠢᠵᠤ ᠪᠠᠶᠢᠭ᠎ᠠ ᠠᠰᠠᠭᠤᠳᠠᠯ   ᠢ ᠪᠥᠬᠦ ᠲᠠᠯ᠎ᠠ ᠪᠠᠷ ᠴᠡᠭᠴᠡᠯᠡᠨ  ᠂ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ   ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠬᠤᠶᠠᠷ ᠲᠤ ᠬᠠᠷᠢᠭᠤᠴᠠᠯᠭ᠎ᠠ ᠶᠢ  ᠰᠠᠶᠢᠳᠤᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠡᠬᠦᠯᠦᠨ᠂ ᠠᠵᠢᠯ ᠤᠨ ᠲᠣᠭᠲᠠᠴᠠ ᠪᠠᠨ ᠲᠡᠬᠦᠯᠳᠡᠷᠵᠢᠬᠦᠯᠵᠦ᠂  ᠪᠠᠶᠢᠳᠠᠯ ᠲᠣᠳᠣᠷᠬᠠᠢ ᠠᠰᠠᠭᠤᠳᠠᠯ ᠲᠣᠳᠣᠷᠬᠠᠢ ᠪᠠᠶᠢᠬᠤ ᠶᠢ ᠪᠠᠳᠤᠯᠠᠨ᠂ ᠲᠦᠷᠭᠡᠨ ᠬᠤᠷᠳᠤ ᠥᠨᠳᠥᠷ  ᠪᠦᠳᠦᠮᠵᠢ ᠪᠠᠷ ᠬᠤᠯᠪᠣᠭᠳᠠᠯ ᠪᠦᠬᠦᠢ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ ᠨᠡᠶᠢᠭᠡᠮ ᠤᠨ ᠵᠥᠷᠢᠴᠡᠯ ᠤᠨ ᠬᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠰᠠᠶᠢᠨ ᠬᠢᠵᠦ᠂ ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ ᠪᠠᠶᠢᠯᠭᠠᠨ᠂ ᠵᠥᠷᠢᠴᠡᠯ ᠵᠢᠭᠤᠷᠠᠭᠠᠨ ᠢ ᠴᠠᠭ ᠲᠤᠬᠠᠢ ᠳᠤᠨᠢ ᠰᠢᠢᠳᠪᠦᠷᠢᠯᠡᠵᠦ᠂  ᠭᠡᠷ ᠪᠠᠶᠢᠰᠢᠩ ᠤᠨ ᠦᠬᠡᠷᠡᠴᠢᠯᠡᠯᠳᠡ ᠪᠠ ᠣᠷᠴᠢᠨ ᠲᠣᠭᠤᠷᠢᠨ ᠤ ᠵᠠᠰᠠᠯᠳᠠ ᠶᠢᠨ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠳᠠ ᠶᠢ ᠲᠦᠷᠭᠡᠳᠬᠡᠬᠦ ᠬᠡᠷᠡᠭᠲᠡᠢ ᠬᠡᠵᠦ ᠴᠢᠬᠤᠯᠠᠴᠢᠯᠠᠪᠠ᠃  
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号