ᠪᠤᠤᠴᠠᠩ ᠪᠠᠯᠭᠠᠰᠤ  ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2022/6/22
   6 ᠰᠠᠷ᠎ᠠ ᠶᠢᠨ 21  ᠤ  ᠡᠳᠦᠷ᠂ ᠪᠤᠤᠴᠠᠩ ᠪᠠᠯᠭᠠᠰᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ  ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ  ᠤᠬᠠᠭᠤᠯᠭ᠎ᠠ ᠲᠠᠶᠢᠯᠤᠮᠵᠢ ᠬᠢᠵᠦ᠂  ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠦᠷᠳᠡᠭᠡ ᠰᠠᠯᠪᠤᠷᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠠᠩ ᠴᠢᠤᠸᠠᠨ ᠠᠴᠠ ︽ᠨᠢᠭᠡ ᠲᠠᠯ᠎ᠠ ᠶᠢᠨ ᠬᠥᠭᠵᠢᠯᠲᠡ ᠶᠢ ᠪᠠᠲᠤᠯᠠᠵᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ︾ ᠭᠤᠣᠯ ᠰᠡᠳᠦᠪ ᠢᠶᠠᠷ ᠤᠯᠠᠨ ᠢ ᠳᠠᠭᠠᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠨᠢᠭᠡ ᠭᠤᠤᠯᠳᠠᠯᠭ᠎ᠠ᠂ ᠬᠤᠶᠠᠷ ᠲᠡᠭᠡᠳᠦ᠂ ᠬᠤᠶᠠᠷ ᠪᠠᠳᠤᠯᠠᠭ᠎ᠠ᠂ ᠬᠤᠶᠠᠷ ᠦᠨᠳᠦᠰᠦ᠂ ᠭᠤᠷᠪᠠᠨ ᠬᠤᠪᠢᠷᠠᠭᠤᠯᠤᠯᠳᠠ︾ ᠵᠡᠷᠭᠡ ᠴᠢᠬᠤᠯᠠ ᠠᠭᠤᠯᠭ᠎ᠠ   ᠶᠢ  ᠲᠣᠳᠣᠷᠬᠠᠶᠢᠯᠠᠨ ᠦᠬᠦᠯᠡᠭᠰᠡᠨ ᠤ ᠬᠠᠮᠲᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠵᠣᠭᠰᠣᠯᠲᠠ ᠶᠢ ᠪᠠᠷᠢᠮᠳᠠᠯᠠᠨ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠴᠢᠩᠭᠠᠳᠬᠠᠵᠤ᠂ ᠤᠯᠠᠭᠠᠨ ᠱᠤᠭᠤᠮ ᠤᠨ ᠤᠬᠠᠮᠰᠠᠷ ᠢ  ᠪᠠᠳᠤᠳᠬᠠᠨ᠂ ᠭᠤᠣᠯ ᠴᠢᠬᠤᠯᠠ ᠠᠭᠤᠯᠭ᠎ᠠ ᠶᠢ ᠣᠶᠢᠯᠠᠭᠠᠵᠤ᠂ ᠴᠥᠬᠦᠷᠡᠰᠢ ᠦᠭᠡᠢ ᠴᠢᠩᠭ᠎ᠠ ᠠᠳᠬᠤᠬᠤ ᠬᠠᠳᠠᠨ ᠵᠣᠷᠢᠭ ᠢᠶᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠨ ᠬᠢᠵᠦ᠂ ᠠᠮᠤᠷ ᠲᠣᠭᠲᠠᠭᠤᠨ᠂ ᠡᠶ᠎ᠡ ᠵᠣᠬᠢᠴᠠᠩᠭᠤᠢ ᠨᠡᠶᠢᠭᠡᠮ ᠤᠨ ᠶᠡᠭᠡ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯ ᠠᠶᠤᠯᠭᠦᠢ ᠦᠢᠯᠡᠳᠪᠦᠷᠢᠯᠡᠯ ᠪᠣᠯᠣᠨ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠠᠵᠢᠯ ᠢ ᠰᠠᠶᠢᠨ ᠬᠢᠬᠦ ᠶᠢᠨ ᠠᠵᠢᠯᠯᠠᠭᠠᠨ ᠤ ᠵᠦᠭᠯᠡᠭᠦᠷ ᠪᠠ ᠦᠨᠳᠦᠰᠦᠨ ᠵᠢᠷᠤᠮᠯᠠᠯ ᠮᠥᠨ᠃ ᠥᠷᠭᠡᠨ ᠣᠯᠠᠨ ᠤᠳᠤᠷᠢᠳᠬᠤ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠭᠤᠣᠯ ᠴᠢᠬᠤᠯᠠ ᠠᠭᠤᠯᠭ᠎ᠠ ᠶᠢ  ᠤᠶᠢᠯᠠᠭᠠᠨ᠂ ︽ᠨᠢᠭᠡ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠳᠠᠯᠠᠨ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠨ ᠨᠢᠭᠡᠳᠦᠯᠲᠡᠢ ᠲᠥᠯᠥᠪᠵᠢᠭᠦᠯᠵᠦ᠂ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠤᠷᠢᠳᠴᠢᠯᠠᠨ ᠰᠡᠷᠭᠡᠶᠢᠯᠡᠬᠦ  ᠤᠬᠠᠮᠰᠠᠷ ᠢᠶᠠᠨ  ᠴᠢᠩᠭᠠᠳᠬᠠᠨ᠂ ᠢᠯᠳᠠᠷ ᠬᠠᠶᠠᠬᠤ ᠦᠬᠡᠢ ᠣᠪᠣᠷ ᠪᠣᠯᠣᠨ ᠬᠠᠲᠠᠭᠤ ᠴᠢᠩᠭ᠎ᠠ ᠠᠷᠭ᠎ᠠ ᠪᠠᠷᠢᠯ ᠢᠶᠠᠷ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠴᠢᠩᠭ᠎ᠠ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ  ᠪᠤᠯᠭᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号