ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠨᠠᠮ ᠤᠨ ᠲᠥᠪ | ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ | ᠬᠠᠤᠯᠢ ᠲᠦᠷᠢᠮ ᠢ ᠤᠯᠠᠮ ᠨᠢᠭᠡ ᠠᠯᠬᠤᠮ ᠤᠬᠠᠭᠤᠯᠤᠨ ᠲᠦᠭᠡᠮᠡᠯᠵᠢᠭᠦᠯᠵᠦ᠂ ᠨᠤᠲᠤᠭ ᠪᠡᠯᠴᠢᠭᠡᠷ ᠤᠨ ᠦᠢᠯᠡᠰ ᠢ | ᠬᠠᠯᠠᠮᠵᠢᠯᠠᠨ ᠬᠠᠶᠢᠷᠠᠯᠠᠬᠤ ᠪᠠ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠲᠤᠬᠠᠢ ᠨᠡᠶᠢᠬᠡᠮ ᠲᠠᠶᠠᠭᠠᠷ ᠤᠨ | ᠦᠵᠡᠯ ᠤᠬᠠᠮᠰᠠᠷ ᠢ ᠴᠢᠩᠭᠠᠳᠬᠠᠨ᠂ ᠨᠤᠲᠤᠭ ᠪᠡᠯᠴᠢᠭᠡᠷ ᠤᠨ ᠬᠠᠮᠠᠭᠠᠯᠠᠯᠳᠠ ᠰᠡᠷᠬᠦᠬᠡᠯᠳᠡ ᠪᠠ ᠴᠢᠨᠠᠷ ᠰᠠᠶᠢᠲᠠᠢ | ᠬᠦᠭᠵᠢᠬᠦᠯᠦᠯᠳᠡ ᠶᠢ ᠠᠬᠢᠭᠤᠯᠬᠤ ᠶᠢᠨ ᠲᠤᠰᠠᠳᠠ᠂ 6 ᠰᠠᠷ᠎ᠠ ᠶᠢᠨ 23 ᠤ ᠡᠳᠦᠷ ᠲᠠᠶᠢᠹᠤᠰᠧ ᠬᠤᠰᠢᠭᠤᠨ ᠤ ᠣᠶ | ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠨᠢ ︽ᠨᠤᠲᠤᠭ ᠪᠡᠯᠴᠢᠭᠡᠷ ᠢ ᠬᠠᠤᠯᠢ ᠪᠠᠷ ᠬᠠᠮᠠᠭᠠᠯᠠᠵᠤ ᠠᠮᠢ | ᠠᠬᠤᠢ ᠶᠢᠨ ᠪᠣᠯᠪᠠᠰᠤᠨ ᠢ ᠪᠠᠶᠢᠭᠤᠯᠬᠤ︾ ᠭᠤᠣᠯ ᠰᠡᠳᠦᠪ ᠤᠨ ᠲᠣᠭᠤᠷᠢᠨ ᠳᠤ ᠨᠤᠲᠤᠭ ᠪᠡᠯᠴᠢᠭᠡᠷ ᠤᠨ ᠬᠠᠤᠯᠢ | ᠲᠦᠷᠢᠮ ᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠦᠷᠨᠢᠬᠦᠯᠵᠡᠢ᠃ ᠠᠵᠢᠯᠯᠠᠭ᠎ᠠ ᠨᠢ | ᠤᠬᠠᠭᠤᠯᠭ᠎ᠠ ᠶᠢᠨ ᠤᠷᠢᠶ᠎ᠠ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠰᠢᠩᠭᠡᠭᠡᠯᠳᠡ | ᠲᠠᠯᠪᠢᠬᠤ ᠵᠢᠴᠢ ᠤᠯᠠᠨ ᠲᠦᠮᠡᠨ ᠤ ᠠᠰᠠᠭᠤᠯᠳᠠ ᠯᠠᠪᠯᠠᠯᠭ᠎ᠠ ᠶᠢ ᠭᠥᠯᠢᠶᠡᠨ ᠠᠪᠬᠤ ᠵᠡᠷᠭᠡ ᠠᠷᠭ᠎ᠠ ᠬᠡᠯᠪᠡᠷᠢ ᠪᠠᠷ ︽ | ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ︾᠂ ︽ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠳᠠ ᠮᠥᠩᠭᠦᠨ ᠠᠭᠤᠯᠠ︾ ᠵᠡᠷᠭᠡ ᠴᠢᠬᠤᠯᠠ ᠣᠶᠢᠯᠠᠭᠠᠭᠳᠠᠬᠤᠨ ᠢ ᠭᠦᠨᠵᠡᠭᠡᠢ ᠤᠬᠠᠭᠤᠯᠵᠤ᠂ ᠪᠦᠬᠦ | ᠨᠡᠶᠢᠭᠡᠮ ᠢᠶᠠᠷ ᠢᠶᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ | ᠠᠮᠢ ᠠᠬᠤᠢ ᠪᠠᠷ ᠤᠷᠢᠳᠠᠯ ᠪᠤᠯᠭᠠᠭᠰᠠᠨ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠬᠡᠢ | ᠵᠠᠮᠨᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ | ᠪᠣᠯᠬᠤ ᠪᠠᠷ ᠴᠢᠷᠮᠠᠶᠢᠬᠤ ᠭᠡᠷᠡᠭᠳᠡᠢ ᠬᠡᠵᠦ ᠤᠷᠢᠶᠠᠯᠠᠭᠰᠠᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠳᠤ | ᠭᠤᠣᠯᠳᠠᠭᠤ ︽ᠨᠤᠲᠤᠭ ᠪᠡᠯᠴᠢᠭᠡᠷ ᠤᠨ ᠬᠠᠤᠯᠢ︾᠂ ︽ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾᠂ ︽ | ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ | ᠲᠦᠷᠢᠮ︾ ᠵᠡᠷᠭᠡ ᠬᠠᠤᠯᠢ ᠲᠦᠷᠢᠮ ᠢ ᠤᠬᠠᠭᠤᠯᠤᠭᠰᠠᠨ ᠤ ᠬᠠᠮᠳᠤ᠂ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ | ᠴᠠᠭᠠᠵᠠᠯᠠᠬᠤ ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠵᠡᠷᠭᠡ ᠬᠠᠮᠠᠭᠠᠯᠠᠯᠲᠠ ᠶᠢᠨ ᠳᠦᠷᠢᠮ ᠪᠣᠯᠣᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠲᠠᠲᠠᠪᠤᠷᠢᠯᠠᠬᠤ ᠲᠥᠷᠥ ᠶᠢᠨ ᠪᠣᠳᠣᠯᠭ᠎ᠠ ᠵᠡᠷᠭᠡ ᠶᠢ ᠭᠦᠨᠵᠡᠭᠡᠢ | ᠤᠬᠠᠭᠤᠯᠪᠠ᠃ ᠠᠵᠢᠯᠯᠠᠭᠠᠨ ᠤ ᠠᠬᠤᠢ ᠲᠠᠯᠠᠪᠠᠢ ᠳᠤ᠂ 1500 ᠭᠠᠷᠤᠢ ᠬᠤᠪᠢ ᠤᠬᠠᠭᠤᠯᠬᠤ ᠮᠠᠲ᠋ᠧᠷᠢᠶᠠᠯ | ᠲᠠᠷᠬᠠᠭᠠᠵᠤ᠂ 38 ᠬᠦᠮᠦᠨ ᠤ ᠠᠰᠠᠭᠤᠵᠤ ᠯᠠᠪᠯᠠᠭᠰᠠᠨ ᠵᠦᠢᠯ ᠳᠤ ᠬᠠᠷᠢᠭᠤᠯᠳᠠ ᠦᠭᠴᠡᠢ᠃ ᠡᠨᠡ ᠤᠳᠠᠭᠠᠨ ᠤ | ᠤᠬᠠᠭᠤᠯᠭ᠎ᠠ ᠪᠠᠷ ᠲᠠᠮᠵᠢᠭᠠᠳ᠂ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠲᠤᠬᠠᠢ ᠤᠯᠠᠨ ᠲᠦᠮᠡᠨ ᠤ | ᠦᠵᠡᠯ ᠤᠬᠠᠮᠰᠠᠷ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ | ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯ ᠤᠨ ᠤᠷᠤᠭᠰᠢᠲᠠᠢ | ᠶᠠᠪᠤᠭᠳᠠᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠡᠬᠦᠳᠴᠦ᠂ ᠨᠤᠲᠤᠭ ᠪᠡᠯᠴᠢᠭᠡᠷ ᠢ | ᠠᠩᠬᠠᠷᠬᠤ᠂ ᠨᠤᠲᠤᠭ ᠪᠡᠯᠴᠢᠭᠡᠷ ᠢ ᠬᠠᠮᠠᠭᠠᠯᠠᠬᠤ᠂ ᠨᠤᠲᠤᠭ ᠪᠡᠯᠴᠢᠭᠡᠷ ᠢ ᠪᠦᠲᠦᠭᠡᠨ ᠪᠠᠶᠢᠭᠤᠯᠬᠤ ᠪᠠ ᠨᠤᠲᠤᠭ | ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ | ᠪᠤᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠣᠶ ᠰᠢᠭᠤᠢ ᠨᠤᠳᠤᠭ | ᠪᠡᠯᠴᠢᠭᠡᠷ ᠤᠨ ᠲᠣᠪᠴᠢᠶ᠎ᠠ ᠨᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠤᠲᠤᠭ ᠪᠡᠯᠴᠢᠭᠡᠷ ᠤᠨ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠨᠤᠲᠤᠭ ᠪᠡᠯᠴᠢᠭᠡᠷ ᠤᠨ ᠬᠠᠮᠢᠶᠠᠳᠠᠢ ᠬᠠᠤᠯᠢ ᠲᠦᠷᠢᠮ ᠪᠠ | ᠲᠥᠷᠥ ᠶᠢᠨ ᠪᠣᠳᠣᠯᠭ᠎ᠠ ᠶᠢ ᠪᠠᠶᠢᠭᠤᠯᠭ᠎ᠠ ᠨᠢᠬᠡᠴᠡ᠂ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ ᠬᠦᠳᠡᠭᠡ | ᠲᠤᠰᠬᠤᠨ᠂ ᠠᠶᠢᠯ ᠡᠷᠦᠬᠡ ᠳᠤ ᠣᠷᠣᠭᠤᠯᠬᠤ ᠶᠢ ᠠᠬᠢᠭᠤᠯᠵᠤ᠂ ᠤᠬᠠᠭᠤᠯᠭ᠎ᠠ ᠶᠢᠨ ᠠᠵᠢᠯ ᠤᠨ ᠦᠨᠡᠨ | ᠪᠤᠳᠠᠳᠠᠢ ᠦᠷ᠎ᠡ ᠪᠦᠲᠦᠮᠵᠢ ᠣᠯᠬᠤ ᠶᠢ ᠪᠠᠳᠤᠯᠠᠬᠤ ᠪᠠᠷ ᠪᠠᠶᠢᠨ᠎ᠠ᠃ |