ᠸᠠᠩ ᠸᠧᠢ ᠬᠤᠩ ᠮᠠᠯᠵᠢᠬᠤ ᠲᠠᠷᠢᠶᠠᠯᠠᠬᠤ ᠤᠷᠤᠨ ᠤ ᠵᠣᠷᠯᠣᠩ ᠤᠨ ᠦᠭᠡᠷᠡᠴᠢᠯᠡᠯᠳᠡ ᠶᠢᠨ ᠠᠵᠢᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2022/6/24
  6 ᠰᠠᠷ᠎ᠠ ᠶᠢᠨ 23 ᠤ ᠡᠳᠦᠷ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠸᠠᠩ ᠸᠧᠢ ᠬᠤᠩ ᠬᠦᠨᠪᠤᠯᠠᠭ ᠰᠤᠮᠤᠨ ᠤ ᠪᠤᠮᠪᠠᠨ ᠭᠠᠴᠠᠭ᠎ᠠ᠂ ᠬᠠᠰᠢᠶᠠᠲᠤ ᠭᠠᠴᠠᠭ᠎ᠠ᠂ ᠴᠢᠶᠠᠨ ᠶᠢᠨ ᠭᠧᠦ ᠪᠠᠯᠭᠠᠰᠤᠨ ᠤ ᠾᠧᠦ ᠳ᠋ᠢᠶᠠᠨ ᠲᠣᠰᠬᠤᠨ   ᠳᠤ ᠭᠦᠨᠵᠡᠭᠡᠶᠢᠷᠡᠵᠦ᠂ ᠮᠠᠯᠴᠢᠨ ᠲᠠᠷᠢᠶᠠᠴᠢᠨ ᠲᠠᠢ ᠶᠠᠷᠢᠯᠴᠠᠨ ᠰᠤᠯᠢᠯᠴᠠᠬᠤ᠂ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠵᠣᠷᠯᠣᠩ  ᠤᠨ ᠦᠬᠡᠷᠡᠴᠢᠯᠡᠯᠳᠡ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ   ᠦᠬᠡᠷᠡᠴᠢᠯᠡᠨ ᠰᠠᠶᠢᠵᠢᠷᠠᠭᠤᠯᠬᠤ ᠶᠠᠪᠤᠴᠠ ᠳᠠᠬᠢ ᠢᠯᠡᠷᠡᠭᠰᠡᠨ ᠠᠰᠠᠭᠤᠳᠠᠯ ᠳᠤ ᠴᠢᠭᠯᠡᠬᠦᠯᠵᠦ ᠪᠣᠳᠠᠲᠠᠢ ᠱᠠᠭᠠᠷᠳᠠᠯᠭ᠎ᠠ ᠳᠤᠷᠠᠳᠴᠠᠢ᠃ ᠸᠠᠩ ᠸᠧᠢ ᠬᠤᠩ᠂ ᠵᠣᠷᠯᠣᠩ  ᠤᠨ ᠦᠬᠡᠷᠡᠴᠢᠯᠡᠯᠳᠡ ᠶᠢᠨ ᠠᠵᠢᠯ ᠨᠢ ᠨᠢᠭᠡᠨᠲᠡ ᠪᠥᠬᠦ ᠲᠠᠯ᠎ᠠ ᠪᠠᠷ ᠰᠡᠭᠦᠯ ᠬᠤᠷᠢᠶᠠᠬᠤ ᠱᠠᠲᠤᠨ ᠳᠤ ᠤᠷᠤᠭᠠᠳ ᠪᠤᠢ᠂ ᠡᠯ᠎ᠡ ᠰᠤᠮᠤ ᠰᠢᠶᠠᠩ ᠪᠠᠯᠭᠠᠰᠤ  ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠨᠢ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠠᠩᠭᠢ ᠶᠢ ᠱᠠᠭᠠᠷᠳᠠᠨ ᠢᠨᠵᠧᠨᠧᠷᠢᠩ ᠤᠨ ᠠᠬᠢᠴᠠ ᠶᠢ ᠲᠦᠷᠭᠡᠳᠬᠡᠵᠦ᠂ ᠡᠷᠬᠡᠪᠰᠢ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠣᠶ ᠪᠦᠬᠦᠢ ᠵᠣᠷᠯᠣᠩ ᠤᠨ ᠦᠬᠡᠷᠡᠴᠢᠯᠡᠯᠳᠡ  ᠶᠢᠨ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠲᠠᠩᠰᠠ ᠮᠠᠲ᠋ᠧᠷᠢᠶᠠᠯ ᠢ ᠤᠯᠠᠮ ᠪᠦᠷᠢᠨᠰᠢᠬᠦᠯᠵᠦ᠂  ᠨᠢᠭᠡ ᠡᠷᠦᠬᠡ ᠳᠤ ᠨᠢᠭᠡ ᠲᠠᠩᠰᠠ ᠪᠠᠶᠢᠬᠤ  ᠱᠠᠭᠠᠷᠳᠠᠯᠭ᠎ᠠ ᠶᠣᠰᠣᠭᠠᠷ ᠲᠠᠩᠰᠠ ᠡᠪᠬᠡᠮᠡᠯ ᠢ  ᠡᠮᠬᠢᠯᠡᠨ᠂  ᠦᠬᠡᠷᠡᠴᠢᠯᠡᠯᠳᠡ ᠶᠢᠨ ᠠᠵᠢᠯ ᠢ ᠪᠣᠳᠠᠲᠠᠢ ᠮᠦᠷᠳᠡᠭᠡᠨ ᠨᠠᠷᠢᠯᠢᠭ ᠬᠢᠬᠦ ᠬᠡᠷᠡᠭᠲᠡᠢ᠃  ᠤᠬᠠᠭᠤᠯᠭ᠎ᠠ ᠶᠢᠨ ᠠᠵᠢᠯ ᠢ ᠰᠠᠶᠢᠲᠤᠷ  ᠠᠳᠬᠤᠨ᠂ ᠣᠯᠠᠨ ᠲᠦᠮᠡᠨ ᠤ  ᠬᠠᠨᠤᠮᠵᠢ ᠶᠢᠨ ᠬᠡᠮᠵᠢᠶ᠎ᠡ ᠪᠠ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠵᠦ᠂ ᠨᠢᠭᠡ ᠶᠢ ᠪᠠᠶᠢᠭᠤᠯᠪᠠᠯ ᠨᠢᠬᠡ ᠶᠢ ᠭᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃  ᠡᠬᠦᠨ ᠤ ᠬᠠᠮᠳᠤ᠂ 2022 ᠣᠨ ᠤ ᠵᠣᠷᠯᠣᠩ ᠤᠨ ᠦᠬᠡᠷᠡᠴᠢᠯᠡᠯᠳᠡ ᠶᠢᠨ ᠠᠵᠢᠯ ᠢ ᠬᠦᠴᠦᠳᠡᠢ ᠠᠬᠢᠭᠤᠯᠤᠨ᠂ ᠡᠮᠦᠨᠡᠬᠢ ᠬᠤᠭᠤᠴᠠᠭᠠᠨ ᠤ ᠤᠶᠢᠯᠠᠭᠠᠨ ᠪᠠᠶᠢᠴᠠᠭᠠᠬᠤ ᠪᠠ ᠲᠦᠷᠦ ᠶᠢᠨ ᠪᠣᠳᠣᠯᠭ᠎ᠠ ᠤᠬᠠᠭᠤᠯᠬᠤ ᠠᠵᠢᠯ ᠢ ᠰᠠᠶᠢᠨ ᠬᠢᠵᠦ᠂ ᠪᠦᠬᠦ ᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠳᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠬᠦᠭᠡᠷᠦᠮᠵᠢ ᠶᠢ ᠠᠷᠠᠴᠢᠯᠠᠨ ᠬᠠᠮᠠᠭᠠᠯᠠᠬᠤ᠂  ᠬᠤᠭ ᠨᠤᠪᠰᠢ ᠶᠢ  ᠴᠤᠭᠯᠠᠭᠤᠯᠵᠤ ᠰᠢᠢᠳᠪᠦᠷᠢᠯᠡᠬᠦ ᠵᠡᠷᠭᠡ ᠠᠰᠠᠭᠤᠳᠠᠯ ᠢ ᠨᠢᠭᠡᠳᠦᠯᠲᠡᠢ ᠲᠦᠯᠦᠪᠵᠢᠬᠦᠯᠦᠨ᠂ ᠬᠤᠣᠷ ᠦᠬᠡᠶᠢᠳᠡᠬᠦᠯᠦᠨ ᠰᠢᠢᠳᠪᠦᠷᠢᠯᠡᠬᠦ  ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠵᠦ᠂  ᠵᠤᠷᠯᠤᠩ ᠤᠨ ᠦᠬᠡᠷᠡᠴᠢᠯᠡᠯᠳᠡ ᠶᠢᠨ ᠠᠵᠢᠯ ᠢ ᠦᠨᠡᠨᠬᠦ ᠤᠯᠠᠨ ᠲᠦᠮᠡᠨ ᠳᠤ ᠠᠰᠢᠭ ᠲᠤᠰᠠ ᠲᠠᠢ ᠰᠠᠶᠢᠨ ᠠᠵᠢᠯ ᠪᠣᠳᠠᠲᠠᠢ ᠠᠵᠢᠯ ᠪᠤᠯᠭᠠᠵᠤ ᠬᠢᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号