ᠨᠠᠰᠤᠳᠠᠶᠢᠴᠤᠳ ᠢ ᠮᠡᠬᠡᠯᠡᠬᠦ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ  ᠠᠷᠠᠳ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨᠠᠮ
ᠨᠡᠶᠢᠲᠡᠯᠡᠭᠰᠡᠨ ᠴᠠᠭ᠄
2022/6/24
   ᠲᠠᠶᠢᠹᠤᠰᠧ ᠬᠤᠰᠢᠭᠤ ᠨᠠᠰᠤᠳᠠᠶᠢᠴᠤᠳ ᠢ ᠮᠡᠬᠡᠯᠡᠬᠦ ᠬᠠᠤᠯᠢ ᠪᠤᠰᠤ ᠠᠵᠢᠯᠯᠠᠭ᠎ᠠ ᠳᠤ ᠴᠤᠬᠢᠯᠳᠠ ᠦᠭᠬᠦ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠬᠦᠯᠵᠦ᠂ ᠲᠤᠰᠬᠠᠢ ᠰᠡᠳᠦᠪᠲᠦ ᠬᠤᠷᠠᠯ ᠬᠤᠷᠠᠯᠳᠤᠭᠤᠯᠤᠨ᠂  ᠠᠵᠢᠯ  ᠤᠨ ᠲᠦᠰᠦᠪ ᠲᠦᠯᠦᠪᠯᠡᠭᠡ ᠶᠢ ᠲᠤᠭᠳᠠᠭᠠᠵᠤ᠂ ᠡᠯ᠎ᠡ ᠱᠠᠲᠤ ᠦᠶ᠎ᠡ ᠶᠢᠨ ᠭᠤᠣᠯᠳᠠᠯᠭ᠎ᠠ ᠲᠠᠢ ᠡᠭᠦᠷᠭᠡ ᠶᠢ ᠲᠤᠳᠤᠷᠬᠠᠶᠢᠯᠠᠨ᠂  ᠲᠤᠬᠢᠷᠠᠭᠤᠯᠵᠤ ᠪᠠᠶᠢᠷᠢᠯᠠᠭᠤᠯᠬᠤ ᠳᠠᠭᠠᠨ ᠬᠤᠷᠳᠤᠴᠠ ᠲᠠᠢ᠂ ᠤᠬᠠᠭᠤᠯᠵᠤ ᠳᠠᠶᠢᠴᠢᠯᠠᠬᠤ ᠳᠠᠭᠠᠨ ᠡᠷᠴᠢᠮ ᠲᠠᠢ᠂   ᠪᠠᠶᠢᠴᠠᠭᠠᠵᠤ ᠣᠶᠢᠯᠠᠭᠠᠬᠤ ᠳᠠᠭᠠᠨ ᠤᠨᠤᠴᠠᠳᠠᠢ ᠪᠠᠶᠢᠬᠤ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃  ᠲᠤᠰ ᠬᠤᠰᠢᠭᠤ ᠨᠢ ᠭᠤᠣᠯ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠲᠡ ᠶᠢᠨ ᠳ᠋ᠤᠭᠠᠷ᠂ ᠰᠢᠨ᠎ᠡ ᠵᠠᠭᠤᠴᠢᠯᠠᠭᠤᠷ᠂   ᠵᠠᠬ᠎ᠠ ᠵᠡᠭᠡᠯᠢ ᠲᠡᠭᠡᠷᠡᠬᠢ LED ᠳᠡᠯᠭᠡᠴᠡ᠂ ᠲᠦᠷᠢᠶᠡᠰᠦᠨ ᠮᠠᠰᠢᠨ ᠤ LED ᠳᠡᠯᠭᠡᠴᠡ ᠶᠢ ᠠᠰᠢᠭᠯᠠᠬᠤ ᠵᠢᠴᠢ  ᠬᠥᠨᠳᠡᠯᠡᠨ ᠪᠢᠴᠢᠭᠡᠰᠦ ᠡᠯᠭᠦᠬᠦ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠬᠦᠷᠴᠦ ᠤᠬᠠᠭᠤᠯᠬᠤ ᠮᠡᠳᠦ ᠶᠢᠨ ᠠᠷᠭ᠎ᠠ ᠮᠠᠶ᠋ᠢᠭ ᠢᠶᠠᠷ ᠨᠡᠶᠢᠭᠡᠮ ᠤᠨ ᠲᠠᠯ᠎ᠠ ᠶᠢᠨ ᠤᠬᠠᠭᠤᠯᠭ᠎ᠠ ᠶᠢ  ᠶᠡᠭᠡ ᠪᠠᠷ  ᠴᠢᠩᠭᠠᠷᠠᠭᠤᠯᠪᠠ᠃ ᠡᠯ᠎ᠡ ᠰᠤᠮᠤ ᠰᠢᠶᠠᠩ ᠪᠠᠯᠭᠠᠰᠤ ᠨᠢ ᠭᠠᠴᠠᠭ᠎ᠠ ᠲᠣᠰᠬᠤᠨ ᠤ ᠬᠤᠶᠠᠷ ᠵᠥᠪᠯᠡᠯ᠂  ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂  ᠲᠤᠤᠷᠵᠢᠭᠤᠯᠤᠭᠰᠠᠨ ᠬᠠᠮᠢᠶᠠᠷᠤᠯᠳᠠ ᠶᠢᠨ ᠠᠵᠢᠯᠳᠠᠨ ᠤ ᠦᠢᠯᠡᠳᠦᠯ ᠢ ᠭᠦᠢᠴᠡᠳ  ᠪᠠᠳᠠᠷᠠᠭᠤᠯᠤᠨ᠂  ᠰᠡᠷᠡᠮᠵᠢᠯᠡᠬᠦᠯᠦᠯ ᠰᠠᠨᠠᠭᠤᠯᠭ᠎ᠠ ᠶᠢᠨ ᠮᠡᠳᠡᠭᠡ ᠵᠠᠩᠭᠢ ᠶᠢ ᠨᠠᠰᠤᠳᠠᠶᠢᠴᠤᠳ ᠲᠤ ᠬᠦᠷᠭᠡᠵᠦ᠂ ︽ᠬᠡᠷᠡᠭ ᠤᠨ ᠵᠢᠱᠢᠶ᠎ᠡ ᠪᠠᠷ ᠬᠠᠤᠯᠢ ᠴᠠᠭᠠᠵᠠ ᠶᠢ ᠲᠠᠶᠢᠯᠪᠤᠷᠢᠯᠠᠬᠤ︾ ᠠᠵᠢᠯ ᠲᠠᠢ ᠤᠶᠠᠯᠳᠤᠭᠤᠯᠤᠨ᠂ ᠨᠢᠭᠡ ᠪᠦᠯᠦᠭ ᠨᠡᠶᠢᠲᠡᠯᠢᠭ ᠠᠷᠭ᠎ᠠ ᠲᠤᠷᠰᠢᠯᠭ᠎ᠠ᠂ ᠨᠡᠶᠢᠲᠡᠯᠢᠭ ᠬᠡᠷᠡᠭ ᠤᠨ ᠵᠢᠱᠢᠶ᠎ᠡ ᠶᠢ ᠲᠥᠯᠥᠪᠯᠡᠭᠡ ᠲᠠᠢ ᠪᠠᠷ ᠤᠬᠠᠭᠤᠯᠤᠨ ᠮᠡᠳᠡᠭᠡᠯᠡᠵᠦ᠂  ᠮᠡᠭᠡᠯᠡᠭᠴᠢᠳ ᠤᠨ ︽ᠠᠷᠭ᠎ᠠ ᠪᠠᠰᠢᠷ︾  ᠢ ᠢᠯᠡᠴᠢᠯᠡᠨ᠂ ᠨᠠᠰᠤᠲᠠᠶᠢᠴᠤᠳ ᠤᠨ ᠮᠡᠬᠡᠯᠡᠯ ᠢ ᠲᠠᠨᠢᠬᠤ ᠴᠢᠳᠠᠪᠤᠷᠢ ᠪᠠ  ᠬᠠᠤᠯᠢ ᠪᠠᠷ ᠵᠠᠰᠠᠬᠤ ᠤᠬᠠᠮᠰᠠᠷ ᠢ ᠨᠢ  ᠲᠡᠭᠡᠭᠰᠢᠯᠡᠬᠦᠯᠦᠭᠰᠡᠨ ᠪᠠᠶᠢᠨ᠎ᠠ᠃ ᠲᠤᠰᠬᠠᠢ ᠠᠵᠢᠯᠯᠠᠭᠠᠨ ᠤ ᠠᠯᠪᠠᠨ ᠭᠡᠷ ᠤᠨ ᠡᠯ᠎ᠡ ᠭᠡᠰᠢᠬᠦᠨ ᠨᠢᠭᠡᠴᠡ ᠨᠢ ᠨᠡᠶᠢᠭᠡᠮ ᠲᠣᠭᠤᠷᠢᠭ᠂  ᠪᠠᠶᠢᠭᠤᠯᠭ᠎ᠠ ᠨᠢᠬᠡᠴᠡ᠂ ᠦᠢᠯᠡᠴᠢᠯᠡᠭᠡᠨ ᠤ ᠲᠠᠯᠠᠪᠤᠷ ᠵᠡᠷᠭᠡ ᠳᠤ ᠬᠠᠨᠳᠤᠭᠰᠠᠨ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠨᠠᠰᠤᠲᠠᠶᠢᠴᠤᠳ ᠪᠠ ᠲᠡᠳᠡᠨ ᠤ ᠦᠷ᠎ᠡ ᠬᠡᠦᠬᠡᠳ᠂ ᠲᠥᠷᠥᠯ ᠰᠠᠳᠤᠨ ᠤ ᠬᠢᠨᠢ ᠮᠡᠬᠡᠯᠡᠯ  ᠢ ᠲᠠᠨᠢᠵᠤ  ᠮᠡᠬᠡᠯᠡᠯ ᠢ ᠰᠡᠷᠭᠡᠶᠢᠯᠡᠬᠦ ᠴᠢᠳᠠᠪᠤᠷᠢ ᠶᠢ  ᠲᠡᠭᠡᠭᠰᠢᠯᠡᠬᠦᠯᠵᠡᠢ᠃ ᠣᠲᠣ ᠪᠣᠯᠲᠠᠯ᠎ᠠ᠂  ᠲᠤᠰ ᠬᠤᠰᠢᠭᠤ ᠨᠢ ᠨᠡᠶᠢᠲᠡ 150 ᠭᠠᠷᠤᠢ  ᠬᠤᠪᠢ ᠠᠯᠪᠠᠨ ᠵᠠᠷ ᠢ ᠨᠡᠶᠢᠳᠡᠯᠡᠨ᠂  270 ᠭᠠᠷᠤᠢ ᠵᠤᠷᠪᠤᠰ ᠤᠬᠠᠭᠤᠯᠭ᠎ᠠ ᠶᠢᠨ ᠤᠷᠢᠶ᠎ᠠ ᠨᠠᠭᠠᠵᠤ᠂ 10000 ᠬᠤᠪᠢ ᠵᠠᠬᠢᠳᠠᠯ  ᠂ 7000 ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠤᠮᠠᠯᠯᠠᠨ  ᠲᠠᠷᠬᠠᠭᠠᠭᠠᠳ᠂   ᠮᠡᠬᠡᠯᠡᠯ ᠤᠨ ᠠᠵᠢᠯᠯᠠᠭ᠎ᠠ ᠳᠤ ᠴᠣᠬᠢᠯᠲᠠ ᠦᠭᠬᠦ ᠲᠤᠬᠠᠢ ᠤᠬᠠᠭᠤᠯᠭ᠎ᠠ  ᠬᠦᠮᠦᠵᠢᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠠᠷᠠᠳ ᠢᠶᠠᠷ ᠢᠶᠠᠨ ᠮᠡᠬᠡᠯᠡᠬᠦ ᠶᠢ ᠡᠰᠡᠷᠭᠦᠴᠡᠬᠦ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠭᠰᠠᠨ ᠪᠠᠶᠢᠨ᠎ᠠ᠃  ᠲᠤᠰᠬᠠᠢ ᠠᠵᠢᠯᠯᠠᠭᠠᠨ ᠤ ᠠᠯᠪᠠᠨ ᠭᠡᠷ ᠨᠢ ᠢᠯᠡᠴᠢᠯᠡᠨ ᠮᠡᠳᠡᠭᠦᠯᠬᠦ ᠤᠲᠠᠰᠤ ᠨᠡᠪᠳᠡᠷᠡᠬᠦᠯᠬᠦ᠂  ᠵᠠᠬᠢᠳᠠᠯ ᠤᠨ ᠬᠠᠶᠢᠷᠴᠠᠭ ᠲᠤᠬᠢᠷᠠᠭᠤᠯᠬᠤ  ᠂ ᠠᠯᠪᠠᠨ ᠵᠠᠷ ᠨᠡᠶᠢᠲᠡᠯᠡᠬᠦ ᠬᠡᠯᠪᠡᠷᠢ ᠪᠠᠷ ᠪᠥᠬᠦ ᠨᠡᠶᠢᠭᠡᠮ ᠠᠴᠠ ᠮᠡᠬᠡᠯᠡᠯ ᠤᠨ ᠰᠦᠪᠡᠭᠴᠢ  ᠴᠤᠭᠯᠠᠭᠤᠯᠵᠤ᠂ ᠡᠯ᠎ᠡ ᠭᠡᠰᠢᠬᠦᠨ ᠨᠢᠭᠡᠴᠡ ᠨᠢ ᠲᠣᠰ ᠲᠣᠰ ᠤᠨ ᠬᠦᠷᠢᠶ᠎ᠡ ᠴᠠᠷᠠᠭ᠎ᠠ ᠳᠠᠭᠠᠨ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠣᠶᠢᠷ᠎ᠠ ᠶᠢᠨ ᠲᠠᠪᠤᠨ ᠵᠢᠯ ᠤᠨ ᠬᠡᠷᠡᠭ ᠤᠨ ᠰᠦᠪᠡᠭᠴᠢ ᠶᠢ  ᠡᠮᠬᠢᠯᠡᠨ᠂  ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠲᠦᠷᠦᠯ ᠤᠨ ᠳᠠᠯᠳᠠ ᠬᠡᠮ ᠢ ᠪᠥᠬᠦ ᠲᠠᠯ᠎ᠠ ᠪᠠᠷ ᠪᠠᠶᠢᠴᠠᠭᠠᠨ᠂ ᠡᠯ᠎ᠡ ᠰᠤᠮᠤ ᠰᠢᠶᠠᠩ ᠪᠠᠯᠭᠠᠰᠤ ᠡᠯ᠎ᠡ ᠭᠠᠴᠠᠭ᠎ᠠ ᠲᠣᠰᠬᠤᠨ ᠳᠤ ᠨᠡᠶᠢᠳᠡᠯᠡᠵᠦ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠳᠡᠷᠡᠬᠦᠯᠦᠨ᠂ ᠣᠯᠠᠨ ᠲᠦᠮᠡᠨ ᠢ ᠳᠠᠶᠢᠴᠢᠯᠠᠨ ᠶᠠᠯᠠᠲᠤ ᠬᠡᠷᠡᠭ ᠤᠨ ᠰᠦᠪᠡᠭᠴᠢ ᠶᠢ   ᠢᠯᠡᠴᠢᠯᠡᠬᠦᠯᠵᠦ᠂ ᠲᠠᠯ᠎ᠠ ᠲᠠᠯ᠎ᠠ ᠶᠢᠨ ᠬᠦᠴᠦᠨ ᠢ ᠨᠢᠬᠳᠠᠷᠠᠭᠤᠯᠤᠨ᠂  ᠮᠡᠬᠡᠯᠡᠯ ᠤᠨ ᠠᠵᠢᠯᠯᠠᠭ᠎ᠠ ᠳᠤ ᠪᠥᠬᠦ ᠬᠦᠴᠦᠨ ᠢᠶᠠᠷ ᠴᠣᠬᠢᠯᠲᠠ  ᠦᠭᠴᠡᠢ᠃ ᠣᠶᠢᠷ᠎ᠠ ᠶᠢᠨ ᠬᠤᠭᠤᠴᠠᠭᠠᠨ ᠤ ᠤᠬᠠᠭᠤᠯᠭ᠎ᠠ ᠪᠠ ᠪᠠᠶᠢᠴᠠᠭᠠᠯᠳᠠ ᠪᠠᠷ ᠲᠠᠮᠵᠢᠭᠠᠳ  ᠂ ᠮᠡᠬᠡᠯᠡᠯ ᠢ ᠡᠰᠡᠷᠬᠦᠴᠡᠬᠦ ᠠᠵᠢᠯ ᠤᠨ ᠲᠤᠬᠠᠢ ᠣᠯᠠᠨ ᠲᠦᠮᠡᠨ ᠤ ᠣᠶᠢᠯᠠᠭᠠᠯᠲᠠ ᠲᠠᠨᠢᠯᠲᠠ ᠨᠡᠮᠡᠭᠳᠡᠵᠦ᠂ ᠪᠥᠬᠦ ᠨᠡᠶᠢᠭᠡᠮ ᠤᠨ ᠮᠡᠬᠡᠯᠡᠯ ᠢ ᠡᠰᠡᠷᠬᠦᠴᠡᠬᠦ ᠢᠳᠡᠪᠬᠢᠵᠢᠯ ᠲᠡᠭᠡᠭᠰᠢᠯᠡᠨ᠂  ᠦᠷᠭᠡᠨ ᠤᠯᠠᠨ ᠨᠠᠰᠤᠲᠠᠶᠢᠴᠤᠳ ᠤᠨ ᠮᠡᠬᠡᠯᠡᠯ ᠢ ᠲᠠᠨᠢᠬᠤ ᠪᠠ ᠮᠡᠬᠡᠯᠡᠯ ᠢ ᠰᠡᠷᠭᠡᠶᠢᠯᠡᠬᠦ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠭᠠᠳ᠂ ᠴᠣᠬᠢᠯᠲᠠ  ᠦᠭᠬᠦ ᠲᠤᠰᠬᠠᠢ ᠠᠵᠢᠯᠯᠠᠭᠠᠨ ᠤ ᠠᠮᠵᠢᠯᠲᠠ ᠲᠠᠢ ᠥᠷᠨᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号