6 ᠰᠠᠷ᠎ᠠ ᠶᠢᠨ 21 ᠤ ᠡᠳᠦᠷ᠂ ᠴᠢᠶᠠᠨ ᠶᠢᠨ ᠭᠧᠦ ᠪᠠᠯᠭᠠᠰᠤ ᠦᠶᠡᠷ ᠢ ᠰᠡᠷᠭᠡᠶᠢᠯᠡᠨ ᠭᠠᠩ ᠭᠠᠮᠰᠢᠭ ᠲᠠᠢ | ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠵᠤ᠂ ︽ᠴᠢᠶᠠᠨ ᠶᠢᠨ ᠭᠧᠦ ᠪᠠᠯᠭᠠᠰᠤᠨ ᠤ ᠦᠶᠡᠷ ᠢ ᠰᠡᠷᠭᠡᠶᠢᠯᠡᠬᠦ | ᠠᠵᠢᠯ ᠤᠨ ᠬᠡᠷᠡᠭᠵᠢᠭᠦᠯᠬᠦ ᠲᠦᠰᠦᠪ︾ ᠢ ᠤᠩᠰᠢᠨ ᠨᠡᠶᠢᠲᠡᠯᠡᠭᠰᠡᠨ ᠪᠥᠭᠡᠳ ᠦᠶᠡᠷ ᠢ ᠰᠡᠷᠭᠡᠶᠢᠯᠡᠨ ᠭᠠᠩ ᠭᠠᠮᠰᠢᠭ | ᠲᠠᠢ ᠲᠡᠮᠡᠴᠡᠬᠦ ᠠᠵᠢᠯ ᠳᠤ ᠪᠠᠶᠢᠷᠢᠯᠠᠭᠤᠯᠤᠯᠲᠠ ᠬᠢᠵᠡᠢ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠹᠧᠩ | ᠦ᠋ ᠠᠴᠠ᠂ ᠪᠥᠬᠦ ᠪᠠᠯᠭᠠᠰᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠣᠳᠣᠬᠠᠨ ᠤ ᠦᠶᠡᠷ ᠰᠡᠷᠭᠡᠶᠢᠯᠡᠬᠦ ᠠᠵᠢᠯ ᠤᠨ ᠴᠢᠬᠤᠯᠠ ᠴᠢᠨᠠᠷ᠂ ᠪᠡᠷᠭᠡᠰᠢᠶᠡᠯᠳᠦ ᠴᠢᠨᠠᠷ ᠢ ᠭᠦᠢᠴᠡᠳ ᠲᠠᠨᠢᠵᠤ᠂ | ᠦᠶᠡᠷ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠦᠨ᠂ ᠦᠶᠡᠷ | ᠰᠡᠷᠭᠡᠶᠢᠯᠡᠬᠦ ᠲᠠᠶᠢᠨ ᠤ ᠪᠡᠯᠡᠳᠬᠡᠯ ᠢ ᠰᠠᠶᠢᠨ ᠬᠢᠵᠦ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ | ᠴᠡᠭᠡᠷᠯᠡᠨ᠂ ᠠᠯᠢᠪᠠ ᠪᠦᠬᠦᠨ ᠳᠤ ᠦᠶᠡᠷ ᠢ ᠰᠡᠷᠭᠡᠶᠢᠯᠡᠬᠦ ᠠᠵᠢᠯ ᠢᠶᠠᠷ ᠭᠤᠣᠯᠳᠠᠯᠭ᠎ᠠ ᠪᠣᠯᠭᠠᠬᠤ ᠬᠡᠷᠡᠭᠲᠡᠢ ᠬᠡᠵᠦ | ᠴᠢᠬᠤᠯᠠᠴᠢᠯᠠᠭᠰᠠᠨ ᠪᠠᠶᠢᠨ᠎ᠠ᠃ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠼᠠᠢ ᠬᠦᠶ ᠯᠢᠨ | ᠦᠶᠡᠷ ᠰᠡᠷᠭᠡᠶᠢᠯᠡᠬᠦ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠦ᠂ ᠪᠣᠳᠠᠲᠠᠢ ᠱᠠᠭᠠᠷᠳᠠᠯᠭ᠎ᠠ ᠲᠤᠷᠠᠳᠬᠤ ᠳᠠᠭᠠᠨ᠂ | ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠷᠭᠡ ᠲᠤᠰᠢᠶᠠᠯ ᠳᠠᠭᠠᠨ ᠣᠰᠣᠯᠳᠠᠬᠤ | ᠶᠢ ᠡᠷᠡᠰ ᠬᠤᠷᠢᠭᠯᠠᠨ᠂᠂ ᠠᠯᠢᠪᠠ ᠠᠵᠢᠯ ᠳᠤ ᠵᠢᠯᠣᠭᠤᠳᠤᠯᠭ᠎ᠠ ᠶᠢ ᠳᠠᠭᠠᠵᠤ᠂ ᠦᠪᠡᠷ ᠦᠪᠡᠷ ᠤᠨ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠨ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠮᠡᠳᠡᠭᠦᠯᠵᠦ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠤᠬᠠᠭᠤᠯᠭ᠎ᠠ | ᠵᠢᠯᠤᠭᠤᠳᠤᠯᠭ᠎ᠠ ᠶᠢ ᠴᠢᠩᠭᠠᠳᠬᠠᠨ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠲᠡᠭᠡᠭᠰᠢᠯᠡᠬᠦᠯᠵᠦ᠂ | ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠨ᠂ ᠴᠢᠮᠡᠭᠡ ᠬᠤᠯᠪᠤᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ | ᠂ ᠦᠶᠡᠷ ᠤᠨ ᠪᠠᠶᠢᠳᠠᠯ᠂ ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠨᠢᠭᠡᠳᠦᠭᠡᠷ ᠹᠷᠣᠨᠲ ᠤᠨ | ᠪᠣᠳᠠᠲᠤ ᠪᠠᠶᠢᠳᠠᠯ ᠢ ᠤᠶᠢᠯᠠᠭᠠᠵᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠵᠦᠢ | ᠵᠣᠬᠢᠰᠲᠠᠢ ᠲᠣᠬᠢᠷᠠᠭᠤᠯᠬᠤ ᠳᠤ ᠦᠨᠳᠦᠰᠦᠯᠡᠯ ᠬᠠᠩᠭᠠᠬᠤ ᠬᠡᠷᠡᠭᠲᠡᠢ ᠃ ᠡᠯ᠎ᠡ ᠲᠦᠷᠦᠯ ᠤᠨ ᠤᠷᠢᠳᠴᠢᠯᠠᠨ | ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠯᠠᠮ ᠨᠠᠷᠢᠨ ᠲᠣᠭᠲᠠᠭᠠᠵᠤ᠂ ᠠᠶᠤᠯ ᠠᠴᠠ ᠠᠪᠤᠷᠠᠬᠤ ᠬᠦᠴᠦᠨ᠂ ᠭᠠᠮᠰᠢᠭ ᠠᠴᠠ | ᠠᠪᠤᠷᠠᠬᠤ ᠡᠳ᠋ ᠪᠣᠳᠠᠰ ᠢ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠨ᠂ ᠦᠶᠡᠷ ᠢ ᠪᠦᠬᠦ | ᠲᠠᠯ᠎ᠠ ᠪᠠᠷ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠨ ᠬᠢᠬᠦ ᠬᠡᠷᠡᠭᠲᠡᠢ ᠭᠡᠵᠡᠢ᠃ | ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠤ | ᠨᠠᠮ ᠤᠨ ᠡᠭᠦᠷ ᠤᠨ ᠱᠦᠵᠢ᠂ ᠳᠡᠳ᠋ ᠱᠦᠵᠢ᠂ ᠡᠷᠬᠢᠯᠡᠭᠴᠢ ᠶᠢᠨ ᠲᠤᠰᠠᠯᠠᠭᠴᠢ ᠬᠤᠷᠠᠯ ᠳᠤ ᠣᠷᠣᠯᠴᠠᠪᠠ᠃ |