6 ᠰᠠᠷ᠎ᠠ ᠶᠢᠨ 21 ᠤ ᠡᠳᠦᠷ᠂ ᠪᠤᠤᠴᠠᠩ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ 2022 ᠣᠨ ᠤ ᠨᠠᠢᠮᠠᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ | ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ | ᠭᠡᠰᠢᠬᠦᠳ ᠬᠤᠷᠠᠯ ᠳᠤ ᠤᠷᠤᠯᠴᠠᠵᠠᠢ᠃ ᠸᠠᠩ ᠰᠢ ᠪᠢᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠳᠠᠭᠠᠭᠤᠯᠤᠨ ᠰᠤᠷᠤᠯᠴᠠᠬᠤ ᠳᠠᠭᠠᠨ᠂ ᠠᠶᠤᠯᠭᠦᠢ | ᠦᠢᠯᠡᠳᠪᠦᠷᠢᠯᠡᠯ ᠪᠣᠯ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠬᠤ | ᠶᠡᠭᠡ ᠶᠠᠪᠤᠳᠠᠯ ᠂ ᠠᠵᠤ ᠠᠬᠤᠢ ᠨᠡᠶᠢᠭᠡᠮ ᠤᠨ ᠵᠣᠬᠢᠴᠠᠩᠭᠤᠢ ᠡᠷᠡᠭᠦᠯ ᠢᠶᠠᠷ ᠬᠥᠭᠵᠢᠬᠦ ᠶᠢᠨ ᠪᠡᠯᠭᠡ ᠲᠡᠮᠳᠡᠭ᠂ ᠨᠠᠮ | ᠵᠠᠰᠠᠭ ᠠᠴᠠ ᠠᠷᠠᠳ ᠲᠦᠮᠡᠨ ᠤ ᠠᠰᠢᠭ ᠲᠤᠰᠠ ᠳᠤ ᠳᠡᠭᠡᠳᠦ ᠬᠡᠮᠵᠢᠶ᠎ᠡ ᠪᠠᠷ ᠬᠠᠷᠢᠭᠤᠴᠠᠵᠤ ᠪᠠᠶᠢᠭ᠎ᠠ ᠶᠢᠨ ᠢᠯᠡᠷᠡᠯ | ᠮᠥᠨ᠃ ᠪᠢᠳᠡ ᠡᠷᠭᠡᠪᠰᠢ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠂ ᠢᠯᠳᠡᠷ ᠬᠠᠶᠠᠬᠤ ᠦᠭᠡᠢ | ᠣᠪᠣᠷ ᠢᠶᠠᠷ ᠴᠢᠩᠭ᠎ᠠ ᠬᠠᠮᠢᠶᠠᠷᠴᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠤᠰᠤᠯ ᠠᠳᠡᠯ ᠭᠠᠷᠬᠤ ᠶᠢ | ᠦᠨᠡᠨᠬᠦ ᠰᠡᠷᠭᠡᠶᠢᠯᠡᠨ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠰᠡᠷᠡᠮᠵᠢ ᠶᠢᠨ ᠬᠤᠩᠬᠤ ᠶᠢ | ᠪᠠᠶᠢᠩᠭᠤ ᠲᠤᠤᠭᠠᠷᠭᠠᠨ᠂ ᠴᠥᠬᠦᠷᠡᠰᠢ ᠦᠭᠡᠢ ᠪᠠᠶᠢᠩᠭᠤ ᠠᠳᠬᠤᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠬᠦ | ᠬᠡᠷᠡᠭᠲᠡᠢ ᠬᠡᠵᠦ ᠵᠢᠭᠠᠨ ᠭᠠᠷᠭᠠᠪᠠ᠃ ᠽᠦᠸᠧ ᡁᠢ ᠭᠦᠸᠧ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠤᠯᠠᠮ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠤᠰᠤᠯ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠲᠤᠬᠠᠢ | ᠰᠠᠨᠠᠯ︾ ᠢ ᠲᠠᠭᠠᠭᠤᠯᠤᠨ ᠰᠤᠷᠤᠯᠴᠠᠵᠤ᠂ ᠸᠠᠩ ᠹᠦ᠋ ᠯᠠᠢ ︽ᠸᠢᠴᠠᠲ ᠤᠨ ᠨᠢᠭᠤᠴᠠ ᠶᠢ ᠵᠠᠳᠠᠷᠠᠭᠤᠯᠬᠤ ᠲᠤᠰᠬᠠᠢ | ᠴᠡᠭᠴᠡᠯᠡᠯᠲᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢᠬᠢ ᠪᠥᠬᠦ ᠣᠷᠣᠨ ᠤ ᠸᠢᠴᠠᠲ ᠤᠨ ᠨᠢᠭᠤᠴᠠ ᠶᠢ | ᠬᠠᠮᠠᠭᠠᠯᠠᠬᠤ ᠬᠠᠤᠯᠢ ᠲᠦᠷᠢᠮ ᠠᠴᠠ ᠵᠥᠷᠢᠴᠡᠭᠰᠡᠨ ᠬᠡᠷᠡᠭ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠵᠦᠪᠯᠡᠯ ᠤᠨ ᠮᠡᠳᠡᠭᠡᠯᠡᠯ︾ ᠢ ᠳᠠᠭᠠᠭᠤᠯᠤᠨ | ᠰᠤᠷᠤᠯᠴᠠᠵᠤ ᠂ ᠯᠢᠦ ᡁᠢ ᠴᠢᠶᠠᠩ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠳᠠᠭᠠᠭᠤᠯᠤᠨ | ᠰᠤᠷᠤᠯᠴᠠᠭᠰᠠᠨ ᠪᠠᠶᠢᠨ᠎ᠠ᠃ |