ᠠᠶᠢᠮᠠᠭ ᠤᠨ ᠬᠢᠨᠠᠨ ᠵᠢᠯᠤᠭᠤᠳᠬᠤ ᠳᠤᠭᠤᠶᠢᠯᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠬᠢᠨᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2022/6/27
  6 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶᠠᠨ ᠤ ᠬᠠᠤᠯᠢ ᠳᠦᠷᠢᠮ ᠤᠨ ᠪᠠᠶᠢᠭᠤᠯᠤᠯᠲᠠ ᠶᠢᠨ ᠠᠵᠢᠯ ᠤᠨ ᠭᠠᠵᠠᠷ ᠤᠨ ᠳᠠᠷᠤᠭ᠎ᠠ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠹᠦ᠋ ᠶᠦᠩ ᠯᠢᠨ  ᠵᠡᠷᠭᠡ ᠬᠦᠮᠦᠰ ᠲᠠᠶᠢᠹᠤᠰᠧ ᠬᠤᠰᠢᠭᠤᠨ ᠳᠤ ᠭᠦᠨᠵᠡᠭᠡᠶᠢᠷᠡᠵᠦ᠂  ᠬᠤᠷᠠᠯ ᠬᠤᠷᠠᠯᠳᠤᠭᠤᠯᠬᠤ᠂ ᠲᠤᠰᠬᠠᠢ ᠶᠠᠷᠢᠯᠴᠠᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠠᠵᠤ ᠠᠬᠤᠶᠢᠯᠠᠯ ᠢᠶᠠᠷ ᠲᠤᠭᠤᠷᠢᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠲᠠᠶᠢᠹᠤᠰᠧ ᠬᠤᠰᠢᠭᠤᠨ ᠤ  ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠪᠠ᠃ 23 ᠤ ᠡᠳᠦᠷ ᠪᠤᠯᠤᠭᠰᠠᠨ ᠶᠠᠷᠢᠯᠴᠠᠬᠤ ᠬᠤᠷᠠᠯ ᠳᠤ ᠬᠤᠰᠢᠭᠤᠨ ᠤ ᠤᠳᠤᠷᠢᠳᠤᠯᠭ᠎ᠠ ᠴᠧᠨ ᠶᠠᠨ ᠪᠦᠦ᠂ ᠳ᠋ᠦ᠋ ᠸᠧᠢ᠂ ᠸᠠᠩ ᠵᠢᠦᠢ ᠰᠢ ᠤᠷᠤᠯᠴᠠᠵᠤ᠂  ᠸᠠᠩ ᠵᠢᠦᠢ ᠰᠢ ᠲᠠᠶᠢᠹᠤᠰᠧ ᠬᠤᠰᠢᠭᠤᠨ ᠤ ᠵᠠᠰᠠᠭ ᠵᠠᠬᠢᠷᠭᠠᠨ ᠤ ᠬᠠᠤᠯᠢ  ᠭᠡᠷᠡᠭᠵᠢᠬᠦᠯᠬᠦ ︽ᠭᠤᠷᠪᠠᠨ  ᠳᠦᠷᠢᠮ︾ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠵᠦ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃  ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠬᠢᠨᠠᠨ ᠵᠢᠯᠤᠭᠤᠳᠬᠤ ᠳᠤᠭᠤᠶᠢᠯᠠᠩ ᠠᠴᠠ ᠲᠠᠶᠢᠹᠤᠰᠧ ᠬᠤᠰᠢᠭᠤᠨ ᠤ  ᠬᠠᠮᠢᠶ᠎ᠠ ᠪᠦᠬᠦᠢ ᠠᠵᠢᠯ  ᠤᠨ ᠠᠮᠵᠢᠯᠳᠠ ᠪᠦᠳᠦᠮᠵᠢ ᠶᠢ ᠨᠤᠲᠠᠯᠠᠭᠰᠠᠨ ᠤ ᠬᠠᠮᠳᠤ᠂  ᠢᠯᠡᠷᠡᠭᠦᠯᠦᠭᠰᠡᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ ᠪᠣᠳᠠᠲᠠᠢ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠲᠤᠬᠠᠶᠢᠯᠠᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠤᠷᠤᠯᠴᠠᠯᠭ᠎ᠠ ᠪᠠᠨ ᠴᠢᠩᠭᠠᠳᠬᠠᠵᠤ᠂ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠴᠢᠩᠭᠠᠳᠬᠠᠬᠤ ᠪᠠ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠤᠬᠠᠮᠰᠠᠷ  ᠢᠶᠠᠨ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ︽ᠭᠤᠷᠪᠠᠨ ᠳᠦᠷᠢᠮ︾ ᠤᠨ ᠲᠤᠬᠠᠢ ᠲᠠᠨᠢᠯᠲᠠ ᠪᠠᠨ  ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃  ᠲᠠᠩᠰᠠ ᠡᠪᠬᠡᠮᠡᠯ ᠢ  ᠲᠦᠷᠢᠮᠵᠢᠬᠦᠯᠦᠨ ᠬᠠᠮᠢᠶᠠᠷᠬᠤ ᠠᠵᠢᠯ ᠢ ᠰᠠᠶᠢᠨ ᠬᠢᠵᠦ᠂  ᠲᠠᠩᠰᠠ ᠪᠠᠶᠢᠭᠤᠯᠤᠨ᠂ ᠳᠦᠷᠢᠮ ᠢ ᠲᠡᠭᠦᠯᠳᠡᠷᠵᠢᠭᠦᠯᠵᠦ᠂ ᠠᠷᠭ᠎ᠠ ᠶᠢ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠢᠨᠠᠨ ᠵᠢᠯᠤᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠳᠤ  ᠴᠢᠭᠯᠡᠬᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠲᠦᠰᠦᠪ ᠢ ᠴᠠᠭ ᠲᠤᠬᠠᠢ ᠳᠤᠨᠢ ᠲᠤᠭᠳᠠᠭᠠᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠨ ᠠᠳᠬᠤᠬᠤ ᠬᠡᠷᠡᠭᠲᠡᠢ᠃ ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ︽ᠭᠤᠷᠪᠠᠨ ᠳᠦᠷᠢᠮ︾  ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠭᠦᠨ ᠳᠠᠪᠬᠤᠷᠭ᠎ᠠ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠠᠷᠠᠳ ᠤᠯᠠᠨ ᠤ  ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠬᠡᠵᠦ ᠱᠠᠭᠠᠷᠳᠠᠪᠠ᠃ ᠬᠤᠷᠠᠯ ᠤᠨ ᠳᠠᠷᠠᠭ᠎ᠠ᠂  ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠵᠠᠮ ᠬᠠᠷᠢᠯᠴᠠᠭᠠᠨ ᠤ ᠲᠣᠪᠴᠢᠶ᠎ᠠ᠂ ᠠᠮᠢ ᠠᠬᠤᠢ ᠣᠷᠴᠢᠨ  ᠲᠤᠭᠤᠷᠢᠨ ᠤ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂  ᠪᠤᠤᠴᠠᠩ ᠪᠠᠯᠭᠠᠰᠤᠨ ᠤ ᠵᠠᠰᠠᠭ ᠤᠨ ᠣᠷᠳᠣᠨ ᠳᠤ ᠬᠦᠨᠵᠡᠬᠡᠶᠢᠷᠡᠨ᠂ ᠲᠠᠩᠰᠠ ᠮᠠᠲ᠋ᠧᠷᠢᠶᠠᠯ ᠢ ᠪᠠᠶᠢᠴᠠᠭᠠᠨ ᠦᠵᠡᠵᠦ᠂ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠵᠠᠰᠠᠬᠤ ᠰᠠᠨᠠᠯ ᠳᠤᠷᠠᠳᠪᠠ᠃  ᠬᠢᠨᠠᠨ ᠵᠢᠯᠤᠭᠤᠳᠬᠤ ᠳᠤᠭᠤᠶᠢᠯᠠᠩ ᠨᠢ ᠪᠠᠰᠠ ᠲᠠᠯ᠎ᠠ ᠨᠤᠲᠤᠭ  ᠠᠷᠢᠬᠢᠨ ᠦᠢᠯᠡᠳᠪᠦᠷᠢ᠂ ᠱᠧᠩ ᠲᠠᠢ ᠡᠯ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂  ᠬᠤᠩ ᠵᠢᠩ ᠶᠤᠸᠠᠨ ᠲᠣᠰᠣᠨ ᠤ  ᠦᠢᠯᠡᠳᠪᠦᠷᠢ ᠳᠤ ᠬᠦᠨᠵᠡᠬᠡᠶᠢᠷᠡᠵᠦ᠂  ᠠᠵᠤ ᠠᠬᠤᠶᠢᠯᠠᠯ ᠤᠨ ᠬᠥᠭᠵᠢᠯᠲᠡ ᠪᠠ ᠡᠵᠡᠩᠨᠡᠯᠲᠡ ᠶᠢᠨ ᠪᠠᠶᠢᠳᠠᠯ ᠢ ᠤᠶᠢᠯᠠᠭᠠᠨ᠂ ᠵᠠᠰᠠᠭ ᠤᠨ ᠣᠷᠳᠣᠨ ᠤ ᠠᠵᠤ ᠠᠬᠤᠶᠢᠯᠠᠯ ᠳᠤ ᠦᠢᠯᠡᠴᠢᠯᠡᠬᠦ᠂   ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠳᠠᠲᠠᠢ ᠠᠷᠭ᠎ᠠ ᠬᠡᠮᠵᠢᠶ᠎ᠡ ᠵᠡᠷᠭᠡ  ᠲᠠᠯ᠎ᠠ ᠲᠠᠯ᠎ᠠ ᠶᠢᠨ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠪᠠ ᠰᠣᠯᠢᠯᠴᠠᠭ᠎ᠠ ᠬᠢᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号