ᠲᠠᠶᠢᠹᠤᠰᠧ ᠬᠤᠰᠢᠭᠤ ᠰᠤᠮᠤ ᠰᠢᠶᠠᠩ ᠪᠠᠯᠭᠠᠰᠤᠨ ᠤ ᠬᠥᠳᠡᠯᠮᠦᠷᠢ ᠶᠢᠨ ᠪᠠᠳᠤᠯᠠᠭᠠᠨ ᠤ ᠲᠤᠰᠠᠯᠠᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/6/27
 ᠰᠤᠮᠤ ᠰᠢᠶᠠᠩ ᠪᠠᠯᠭᠠᠰᠤᠨ ᠤ ᠬᠥᠳᠡᠯᠮᠦᠷᠢ ᠶᠢᠨ ᠪᠠᠳᠤᠯᠠᠭᠠᠨ ᠤ ᠲᠤᠰᠠᠯᠠᠭᠴᠢ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠬᠥᠳᠡᠯᠮᠦᠷᠢ ᠶᠢᠨ ᠪᠠᠳᠤᠯᠠᠭᠠᠨ ᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰᠠᠯᠠᠭᠴᠢ ᠶᠢᠨ ᠡᠩᠨᠡᠭᠡᠨ ᠤ ᠲᠤᠰᠬᠠᠶᠢᠵᠢᠭᠰᠠᠨ ᠨᠡᠶᠢᠬᠡᠮᠵᠢᠭᠰᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 24 ᠤ ᠡᠳᠦᠷ ᠲᠠᠶᠢᠹᠤᠰᠧ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ 2022 ᠣᠨ ᠤ ᠦᠨᠳᠦᠰᠦᠨ ᠱᠠᠲᠤᠨ ᠤ ᠬᠥᠳᠡᠯᠮᠦᠷᠢ ᠶᠢᠨ ᠪᠠᠳᠤᠯᠠᠭᠠᠨ ᠤ ᠲᠤᠰᠠᠯᠠᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠵᠡᠢ᠃  ᠡᠯ᠎ᠡ ᠰᠤᠮᠤ ᠰᠢᠶᠠᠩ ᠪᠠᠯᠭᠠᠰᠤᠨ ᠤ ᠬᠥᠳᠡᠯᠮᠦᠷᠢ ᠶᠢᠨ ᠪᠠᠳᠤᠯᠠᠭᠠᠨ ᠤ ᠭᠠᠵᠠᠷ ᠤᠨ ᠳᠠᠷᠤᠭ᠎ᠠ᠂ ᠨᠡᠶᠢᠭᠡᠮ ᠲᠣᠭᠤᠷᠢᠭ ᠤᠨ ᠱᠦᠵᠢ ᠵᠢᠴᠢ ᠬᠥᠳᠡᠯᠮᠦᠷᠢ ᠶᠢᠨ ᠪᠠᠳᠤᠯᠠᠭᠠᠨ ᠤ ᠲᠤᠰᠠᠯᠠᠭᠴᠢ ᠨᠠᠷ ᠪᠣᠯᠪᠠᠰᠤᠷᠠᠯ ᠳᠤ ᠤᠷᠤᠯᠴᠠᠪᠠ᠃ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠣᠶᠤᠨᠴᠡᠴᠡᠭ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠬᠤ ᠳᠠᠭᠠᠨ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠮᠠᠨ ᠤ ᠤᠯᠤᠰ ᠨᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ ᠶᠢ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠤᠨ ᠲᠡᠷᠢᠭᠦᠨ ᠳᠤ ᠲᠠᠯᠪᠢᠵᠤ᠂ ᠭᠤᠣᠯᠳᠠᠯᠭ᠎ᠠ ᠲᠠᠢ ᠬᠦᠮᠦᠰ ᠲᠤ ᠴᠢᠭᠯᠡᠭᠦᠯᠦᠭᠰᠡᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠯᠢ ᠣᠯᠠᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠲᠦᠷᠦᠯ ᠵᠦᠢᠯ᠂ ᠭᠥᠷᠳᠡᠬᠦ ᠬᠡᠪᠴᠢᠶ᠎ᠡ᠂ ᠨᠥᠬᠦᠪᠦᠷᠢ ᠣᠯᠭᠤᠬᠤ ᠬᠡᠪᠴᠢᠶ᠎ᠡ ᠶᠢ ᠲᠠᠰᠤᠷᠠᠯᠲᠠ ᠦᠭᠡᠢ  ᠦᠷᠭᠡᠳᠭᠡᠭᠰᠡᠨ ᠪᠠᠶᠢᠨ᠎ᠠ᠃  ᠦᠨᠳᠦᠰᠦᠨ ᠱᠠᠲᠤᠨ ᠤ ᠬᠥᠳᠡᠯᠮᠦᠷᠢ ᠶᠢᠨ ᠪᠠᠳᠤᠯᠠᠭᠠᠨ ᠤ  ᠠᠵᠢᠯᠳᠠᠳ ᠡᠷᠭᠡᠪᠰᠢ ᠡᠯ᠎ᠡ ᠲᠦᠷᠦᠯ ᠤᠨ ᠠᠵᠢᠯ ᠤᠯᠭᠤᠯᠳᠠ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠨ ᠲᠠᠶᠢᠯᠪᠤᠷᠢᠯᠠᠵᠤ᠂ ᠵᠣᠬᠢᠬᠤ ᠨᠠᠰᠤᠨ ᠤ ᠬᠥᠳᠡᠯᠮᠦᠷᠢ ᠬᠦᠴᠦᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠵᠢᠴᠢ ᠬᠢᠨᠠᠨ ᠰᠢᠯᠭᠠᠬᠤ ᠡᠲᠡᠭᠡᠳ ᠲᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠲᠦᠷᠭᠡᠨ ᠬᠦᠷᠳᠡᠭᠡᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠭᠦᠢᠴᠡᠳ ᠠᠵᠢᠯ ᠣᠯᠬᠤ ᠶᠢ ᠠᠬᠢᠭᠤᠯᠤᠨ᠂ ᠰᠢᠯᠵᠢᠭᠦᠯᠦᠨ ᠠᠵᠢᠯ ᠣᠯᠭᠤᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃     ᠡᠨᠡ ᠤᠳᠠᠭᠠᠨ ᠤ ᠪᠣᠯᠪᠠᠰᠤᠷᠠᠯ ᠢ ᠭᠤᠣᠯᠳᠠᠭᠤ ᠭᠤᠷᠪᠠᠨ ᠲᠠᠯ᠎ᠠ ᠶᠢᠨ ᠲᠣᠭᠤᠷᠢᠨ ᠳᠤ ᠦᠷᠨᠢᠬᠦᠯᠵᠡᠢ᠄ ᠨᠢᠭᠡ ᠳᠤ᠂ ᠠᠵᠢᠯ ᠲᠠᠨᠢᠯᠴᠠᠭᠤᠯᠬᠤ ᠭᠠᠵᠠᠷ ᠤᠨ ᠬᠢᠨ ᠲᠤᠭ᠎ᠠ ᠪᠠᠷᠢᠮᠲᠠ ᠶᠢᠨ ᠪᠠᠶᠢᠴᠠᠭᠠᠯᠲᠠ ᠶᠢᠨ ᠠᠵᠢᠯ ᠢ ᠨᠠᠷᠢᠨ ᠲᠠᠨᠢᠯᠴᠠᠭᠤᠯᠵᠤ᠂ ᠬᠦᠰᠦᠨᠦᠭᠲᠦ ᠶᠢ ᠬᠡᠷᠬᠢᠨ ᠲᠠᠭᠯᠠᠬᠤ᠂  ᠠᠵᠢᠯ ᠤᠯᠭᠤᠬᠤ ᠨᠢᠭᠤᠷᠯᠠᠯ ᠢ ᠬᠡᠷᠬᠢᠨ ᠢᠯᠭᠠᠨ ᠲᠣᠭᠲᠠᠭᠠᠬᠤ ᠵᠡᠷᠭᠡ ᠪᠣᠳᠠᠲᠠᠢ ᠠᠵᠢᠯ ᠢ  ᠲᠠᠨᠢᠯᠴᠠᠭᠤᠯᠤᠨ᠂  ᠰᠤᠮᠤ ᠰᠢᠶᠠᠩ ᠪᠠᠯᠭᠠᠰᠤᠨ ᠤ ᠬᠥᠳᠡᠯᠮᠦᠷᠢ ᠬᠦᠴᠦᠨ ᠤ ᠰᠠᠭᠤᠷᠢ ᠲᠤᠭ᠎ᠠ ᠶᠢ ᠤᠯᠠᠮ ᠲᠣᠳᠣᠷᠬᠠᠢ ᠣᠶᠢᠯᠠᠭᠠᠵᠤ᠂ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠲᠠᠢ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠂ ᠶᠠᠳᠠᠭᠤ   ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠂ ᠬᠢᠨᠠᠨ ᠰᠢᠯᠭᠠᠬᠤ ᠡᠲᠡᠭᠡᠳ ᠪᠠ ᠡᠩ ᠤᠨ ᠡᠷᠦᠬᠡ ᠶᠢᠨ ᠬᠥᠳᠡᠯᠮᠦᠷᠢ ᠬᠦᠴᠦᠨ ᠤ ᠠᠵᠢᠯ ᠣᠯᠬᠤ ᠪᠠ ᠪᠣᠯᠪᠠᠰᠤᠷᠠᠯ ᠬᠦᠷᠳᠡᠬᠦ ᠬᠦᠰᠡᠯ ᠡᠷᠡᠮᠡᠯᠵᠡᠯ ᠢ ᠪᠥᠬᠦ ᠲᠠᠯ᠎ᠠ ᠪᠠᠷ ᠡᠵᠡᠮᠰᠢᠬᠦ ᠳᠤ  ᠰᠠᠶᠢᠨ ᠰᠠᠭᠤᠷᠢ ᠲᠠᠯᠪᠢᠨ᠎ᠠ  ᠃ ᠬᠤᠶᠠᠷ ᠲᠤ᠂ ᠨᠡᠶᠢᠭᠡᠮ ᠲᠣᠭᠤᠷᠢᠭ ᠤᠨ ᠠᠵᠢᠯ ᠤᠨ ᠥᠷᠲᠡᠭᠡ ᠠᠴᠠ ᠠᠵᠢᠯ ᠣᠯᠬᠤ ᠳᠤ ᠬᠦᠴᠢᠷᠲᠡᠢ ᠬᠥᠮᠥᠰ ᠲᠤ ᠠᠵᠢᠯ ᠣᠯᠭᠤᠯᠲᠠ ᠶᠢᠨ ᠲᠤᠬᠠᠢ ᠭᠦᠨᠵᠡᠭᠡᠢ ᠲᠠᠶᠢᠯᠤᠮᠵᠢ ᠬᠢᠨ᠎ᠡ᠂ ᠡᠭᠦᠨ ᠳᠤ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ ᠬᠡᠪᠴᠢᠶ᠎ᠡ ᠪᠠ ᠪᠠᠷᠢᠮᠵᠢᠶ᠎ᠠ᠂ ᠠᠵᠢᠯ ᠣᠯᠭᠤᠯᠲᠠ ᠶᠢᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠠᠮᠢᠳᠤᠯᠢᠭ ᠢᠶᠠᠷ ᠮᠡᠳᠡᠭᠦᠯᠬᠦ ᠶᠠᠪᠤᠴᠠ ᠵᠡᠷᠭᠡ ᠠᠭᠤᠯᠭ᠎ᠠ ᠪᠠᠭᠲᠠᠨ᠎ᠠ  ᠃ ᠭᠤᠷᠪᠠ ᠳᠤ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠪᠠ ᠣᠨᠳᠣᠣ ᠭᠠᠵᠠᠷ ᠲᠤ ᠨᠡᠭᠦᠯᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ᠎ᠠ᠂ ᠡᠭᠦᠨ ᠳᠤ ᠤᠷ᠎ᠠ ᠴᠢᠳᠠᠪᠤᠷᠢ ᠶᠢᠨ ᠪᠣᠯᠪᠠᠰᠤᠷᠠᠯ ᠵᠢᠴᠢ ᠲᠥᠷᠥ ᠶᠢᠨ ᠪᠣᠳᠣᠯᠭ᠎ᠠ ᠶᠢᠨ ᠲᠠᠨᠢᠯᠴᠠᠭᠤᠯᠭ᠎ᠠ᠂  ᠦᠢᠯᠡᠰ  ᠪᠦᠳᠦᠬᠡᠬᠦ ᠪᠠᠳᠤᠯᠠᠭᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠲᠠᠨᠢᠯᠴᠠᠭᠤᠯᠭ᠎ᠠ ᠪᠠ ᠪᠣᠯᠪᠠᠰᠤᠷᠠᠯ ᠢᠶᠠᠷ ᠳᠡᠮᠵᠢᠨ᠂ ᠬᠥᠳᠡᠯᠮᠦᠷᠢ ᠶᠢᠨ ᠪᠠᠳᠤᠯᠠᠭᠠᠨ ᠤ ᠲᠤᠰᠠᠯᠠᠭᠴᠢ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠦᠢᠯᠡᠴᠢᠯᠡᠭᠡᠨ ᠤ ᠲᠠᠪᠴᠠᠩ ᠤᠨ ᠠᠵᠢᠯᠲᠠᠨ ᠤ ᠡᠩᠨᠡᠭᠡ ᠶᠢᠨ ᠲᠤᠰᠬᠠᠶᠢᠵᠢᠭᠰᠠᠨ ᠪᠠᠶᠢᠭᠤᠯᠤᠯᠲᠠ ᠶᠢ ᠠᠬᠢᠭᠤᠯᠤᠨ᠂ ᠦᠨᠳᠦᠰᠦᠨ ᠱᠠᠲᠤᠨ ᠤ ᠲᠠᠪᠴᠠᠩ ᠤᠨ ᠠᠵᠢᠯ ᠤᠨ ᠲᠦᠷᠢᠮᠵᠢᠯ ᠳᠤ ᠳᠡᠭᠡᠭᠰᠢᠯᠡᠭᠦᠯᠵᠦ᠂︽ᠵᠢᠷᠭᠤᠭ᠎ᠠ ᠶᠢ ᠲᠤᠭᠳᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠰᠠᠶᠢᠨ ᠰᠠᠭᠤᠷᠢ ᠲᠠᠯᠪᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号