ᠨᠤᠲᠤᠭ ᠪᠡᠯᠴᠢᠭᠡᠷ ᠢ ᠬᠠᠤᠯᠢ  ᠪᠠᠷ ᠬᠠᠮᠠᠭᠠᠯᠠᠵᠤ ᠠᠮᠢ ᠠᠬᠤᠢ ᠶᠢᠨ ᠪᠣᠯᠪᠠᠰᠤᠨ ᠢ  ᠪᠠᠶᠢᠭᠤᠯᠤᠨᠠᠮ
ᠨᠡᠶᠢᠲᠡᠯᠡᠭᠰᠡᠨ ᠴᠠᠭ᠄
2022/6/27
     ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠬᠠᠤᠯᠢ   ᠪᠠᠷ ᠤᠯᠤᠰ ᠢᠶᠠᠨ ᠵᠠᠰᠠᠬᠤ ᠲᠤᠬᠠᠢ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠬᠠᠤᠯᠢ ᠲᠦᠷᠢᠮ ᠢ ᠤᠯᠠᠮ ᠨᠢᠭᠡ ᠠᠯᠬᠤᠮ ᠤᠬᠠᠭᠤᠯᠤᠨ ᠲᠦᠭᠡᠮᠡᠯᠵᠢᠭᠦᠯᠵᠦ᠂ ᠨᠤᠲᠤᠭ ᠪᠡᠯᠴᠢᠭᠡᠷ ᠤᠨ ᠦᠢᠯᠡᠰ ᠢ ᠬᠠᠯᠠᠮᠵᠢᠯᠠᠨ ᠬᠠᠶᠢᠷᠠᠯᠠᠬᠤ ᠪᠠ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠲᠤᠬᠠᠢ ᠨᠡᠶᠢᠬᠡᠮ ᠲᠠᠶᠠᠭᠠᠷ ᠤᠨ ᠦᠵᠡᠯ ᠤᠬᠠᠮᠰᠠᠷ ᠢ ᠴᠢᠩᠭᠠᠳᠬᠠᠨ᠂ ᠨᠤᠲᠤᠭ ᠪᠡᠯᠴᠢᠭᠡᠷ ᠤᠨ ᠬᠠᠮᠠᠭᠠᠯᠠᠯᠳᠠ ᠰᠡᠷᠬᠦᠬᠡᠯᠳᠡ ᠪᠠ ᠴᠢᠨᠠᠷ ᠰᠠᠶᠢᠲᠠᠢ ᠬᠦᠭᠵᠢᠬᠦᠯᠦᠯᠳᠡ ᠶᠢ  ᠠᠬᠢᠭᠤᠯᠬᠤ ᠶᠢᠨ ᠲᠤᠰᠠᠳᠠ᠂ 6 ᠰᠠᠷ᠎ᠠ ᠶᠢᠨ 23 ᠤ ᠡᠳᠦᠷ ᠲᠠᠶᠢᠹᠤᠰᠧ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠨᠢ ︽ᠨᠤᠲᠤᠭ ᠪᠡᠯᠴᠢᠭᠡᠷ ᠢ ᠬᠠᠤᠯᠢ ᠪᠠᠷ ᠬᠠᠮᠠᠭᠠᠯᠠᠵᠤ ᠠᠮᠢ ᠠᠬᠤᠢ ᠶᠢᠨ ᠪᠣᠯᠪᠠᠰᠤᠨ ᠢ  ᠪᠠᠶᠢᠭᠤᠯᠬᠤ︾ ᠭᠤᠣᠯ ᠰᠡᠳᠦᠪ ᠤᠨ ᠲᠣᠭᠤᠷᠢᠨ ᠳᠤ ᠨᠤᠲᠤᠭ ᠪᠡᠯᠴᠢᠭᠡᠷ ᠤᠨ ᠬᠠᠤᠯᠢ ᠲᠦᠷᠢᠮ ᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠦᠷᠨᠢᠬᠦᠯᠵᠡᠢ᠃ ᠠᠵᠢᠯᠯᠠᠭ᠎ᠠ ᠨᠢ ᠤᠬᠠᠭᠤᠯᠭ᠎ᠠ ᠶᠢᠨ ᠤᠷᠢᠶ᠎ᠠ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠰᠢᠩᠭᠡᠭᠡᠯᠳᠡ ᠲᠠᠯᠪᠢᠬᠤ  ᠵᠢᠴᠢ ᠤᠯᠠᠨ ᠲᠦᠮᠡᠨ ᠤ ᠠᠰᠠᠭᠤᠯᠳᠠ ᠯᠠᠪᠯᠠᠯᠭ᠎ᠠ ᠶᠢ ᠭᠥᠯᠢᠶᠡᠨ ᠠᠪᠬᠤ ᠵᠡᠷᠭᠡ ᠠᠷᠭ᠎ᠠ ᠬᠡᠯᠪᠡᠷᠢ ᠪᠠᠷ ︽ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ︾᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾  ᠵᠡᠷᠭᠡ ᠴᠢᠬᠤᠯᠠ ᠣᠶᠢᠯᠠᠭᠠᠭᠳᠠᠬᠤᠨ ᠢ ᠭᠦᠨᠵᠡᠭᠡᠢ ᠤᠬᠠᠭᠤᠯᠵᠤ᠂ ᠪᠦᠬᠦ ᠨᠡᠶᠢᠭᠡᠮ ᠢᠶᠠᠷ ᠢᠶᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠠᠮᠢ ᠠᠬᠤᠢ ᠪᠠᠷ ᠤᠷᠢᠳᠠᠯ ᠪᠤᠯᠭᠠᠭᠰᠠᠨ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠬᠤ ᠪᠠᠷ ᠴᠢᠷᠮᠠᠶᠢᠬᠤ  ᠭᠡᠷᠡᠭᠳᠡᠢ ᠬᠡᠵᠦ ᠤᠷᠢᠶᠠᠯᠠᠭᠰᠠᠨ ᠪᠠᠶᠢᠨ᠎ᠠ᠃  ᠡᠨᠡ ᠤᠳᠠᠭᠠᠨ ᠤ ᠠᠵᠢᠯᠯᠠᠭ᠎ᠠ ᠳᠤ ᠭᠤᠣᠯᠳᠠᠭᠤ ︽ᠨᠤᠲᠤᠭ ᠪᠡᠯᠴᠢᠭᠡᠷ ᠤᠨ ᠬᠠᠤᠯᠢ︾᠂ ︽ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾᠂ ︽ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠲᠦᠷᠢᠮ ᠢ ᠤᠬᠠᠭᠤᠯᠤᠭᠰᠠᠨ ᠤ  ᠬᠠᠮᠳᠤ᠂  ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ  ᠂  ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠵᠡᠷᠭᠡ ᠬᠠᠮᠠᠭᠠᠯᠠᠯᠲᠠ ᠶᠢᠨ ᠳᠦᠷᠢᠮ ᠪᠣᠯᠣᠨ  ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠲᠠᠲᠠᠪᠤᠷᠢᠯᠠᠬᠤ  ᠲᠥᠷᠥ ᠶᠢᠨ ᠪᠣᠳᠣᠯᠭ᠎ᠠ ᠵᠡᠷᠭᠡ ᠶᠢ ᠭᠦᠨᠵᠡᠭᠡᠢ ᠤᠬᠠᠭᠤᠯᠪᠠ᠃  ᠠᠵᠢᠯᠯᠠᠭᠠᠨ ᠤ ᠠᠬᠤᠢ ᠲᠠᠯᠠᠪᠠᠢ ᠳᠤ᠂ 1500 ᠭᠠᠷᠤᠢ ᠬᠤᠪᠢ  ᠤᠬᠠᠭᠤᠯᠬᠤ ᠮᠠᠲ᠋ᠧᠷᠢᠶᠠᠯ ᠲᠠᠷᠬᠠᠭᠠᠵᠤ᠂ 38 ᠬᠦᠮᠦᠨ  ᠤ ᠠᠰᠠᠭᠤᠵᠤ ᠯᠠᠪᠯᠠᠭᠰᠠᠨ  ᠵᠦᠢᠯ ᠳᠤ ᠬᠠᠷᠢᠭᠤᠯᠳᠠ ᠦᠭᠴᠡᠢ᠃  ᠡᠨᠡ ᠤᠳᠠᠭᠠᠨ ᠤ ᠤᠬᠠᠭᠤᠯᠭ᠎ᠠ ᠪᠠᠷ ᠲᠠᠮᠵᠢᠭᠠᠳ᠂ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠲᠤᠬᠠᠢ ᠤᠯᠠᠨ ᠲᠦᠮᠡᠨ ᠤ ᠦᠵᠡᠯ ᠤᠬᠠᠮᠰᠠᠷ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠡᠬᠦᠳᠴᠦ᠂ ᠨᠤᠲᠤᠭ ᠪᠡᠯᠴᠢᠭᠡᠷ ᠢ ᠠᠩᠬᠠᠷᠬᠤ᠂ ᠨᠤᠲᠤᠭ ᠪᠡᠯᠴᠢᠭᠡᠷ ᠢ ᠬᠠᠮᠠᠭᠠᠯᠠᠬᠤ᠂ ᠨᠤᠲᠤᠭ ᠪᠡᠯᠴᠢᠭᠡᠷ ᠢ ᠪᠦᠲᠦᠭᠡᠨ ᠪᠠᠶᠢᠭᠤᠯᠬᠤ ᠪᠠ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠨᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠤᠲᠤᠭ ᠪᠡᠯᠴᠢᠭᠡᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ  ᠶᠢ ᠥᠷᠨᠢᠭᠦᠯᠵᠦ᠂ ᠨᠤᠲᠤᠭ ᠪᠡᠯᠴᠢᠭᠡᠷ ᠤᠨ ᠬᠠᠮᠢᠶᠠᠳᠠᠢ ᠬᠠᠤᠯᠢ ᠲᠦᠷᠢᠮ ᠪᠠ ᠲᠥᠷᠥ ᠶᠢᠨ ᠪᠣᠳᠣᠯᠭ᠎ᠠ ᠶᠢ ᠪᠠᠶᠢᠭᠤᠯᠭ᠎ᠠ ᠨᠢᠬᠡᠴᠡ᠂ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ ᠬᠦᠳᠡᠭᠡ ᠲᠤᠰᠬᠤᠨ᠂   ᠠᠶᠢᠯ  ᠡᠷᠦᠬᠡ ᠳᠤ ᠣᠷᠣᠭᠤᠯᠬᠤ ᠶᠢ ᠠᠬᠢᠭᠤᠯᠵᠤ᠂  ᠤᠬᠠᠭᠤᠯᠭ᠎ᠠ ᠶᠢᠨ ᠠᠵᠢᠯ ᠤᠨ ᠦᠨᠡᠨ ᠪᠤᠳᠠᠳᠠᠢ ᠦᠷ᠎ᠡ ᠪᠦᠲᠦᠮᠵᠢ ᠣᠯᠬᠤ ᠶᠢ  ᠪᠠᠳᠤᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号