ᠬᠠᠷᠠᠭᠠᠯᠵᠠᠯ ᠤᠨ ᠦᠨᠡᠮᠯᠡᠯ ᠢ ᠭᠠᠷ ᠲᠤᠨᠢ ᠠᠳᠬᠤᠭᠤᠯᠵᠤ ᠬᠠᠶᠢᠷ᠎ᠠ ᠬᠠᠯᠠᠮᠵᠢ ᠶᠢ ᠭᠡᠷ ᠲᠤᠨᠢ ᠬᠦᠷᠭᠡᠪᠡ
ᠨᠡᠶᠢᠲᠡᠯᠡᠭᠰᠡᠨ ᠴᠠᠭ᠄
2022/6/28
   ᠴᠡᠷᠢᠭ ᠢᠶᠠᠨ ᠬᠦᠷᠢᠶᠡᠯᠡᠵᠦ ᠴᠡᠷᠢᠭ ᠢᠶᠠᠨ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠤᠯᠠᠮ ᠦᠳᠭᠡᠷᠡᠬᠦᠯᠵᠦ᠂  ᠴᠡᠷᠢᠭ ᠠᠴᠠ ᠬᠠᠯᠠᠭᠳᠠᠭᠰᠠᠳ ᠤᠨ  ᠦᠩᠭᠡ ᠭᠡᠷᠡᠯ ᠤᠨ ᠲᠥᠷᠥᠭᠳᠡᠯ᠂ ᠤᠯᠤᠯᠳᠠ ᠬᠦᠷᠲᠡᠮᠵᠢ ᠶᠢᠨ ᠲᠥᠷᠥᠭᠳᠡᠯ᠂  ᠠᠵᠠ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 24  ᠤ ᠡᠳᠦᠷ ᠲᠠᠶᠢᠹᠤᠰᠧ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ  ᠡᠷᠬᠢᠯᠡᠬᠦ ᠲᠣᠪᠴᠢᠶ᠎ᠠ ᠨᠢ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠲᠠᠶᠢᠹᠤᠰᠧ ᠬᠤᠰᠢᠭᠤᠨ ᠳᠠᠬᠢ ᠰᠠᠯᠪᠤᠷᠢ ᠪᠠᠩᠬᠢ ᠶᠢᠨ ᠠᠵᠢᠯᠲᠠᠳ ᠲᠠᠢ ᠬᠠᠮᠳᠤ ᠶᠦᠩ ᠹᠧᠩ ᠪᠠᠯᠭᠠᠰᠤᠨ ᠳᠤ ᠬᠦᠨᠵᠡᠬᠡᠶᠢᠷᠡᠵᠦ᠂ ᠲᠤᠰ ᠪᠠᠯᠭᠠᠰᠤᠨ  ᠤ ᠬᠥᠳᠡᠯᠵᠦ ᠪᠠᠷᠢᠬᠤ ᠳᠤ ᠳᠥᠭᠦᠮ ᠦᠭᠡᠢ᠂ ᠨᠠᠰᠤ ᠠᠬᠠᠰᠢᠷᠠᠭᠰᠠᠨ ᠨᠢᠬᠡ ᠪᠦᠯᠦᠭ ᠴᠡᠷᠢᠭ ᠠᠴᠠ ᠬᠠᠯᠠᠭᠳᠠᠭᠰᠠᠳ ᠲᠤ ᠬᠠᠷᠠᠭᠠᠯᠵᠠᠯ ᠤᠨ ᠦᠨᠡᠮᠯᠡᠯ ᠢ  ᠭᠠᠷᠳᠠᠭᠤᠯᠬᠤ ᠶᠢᠨ ᠬᠠᠮᠲᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ  ᠨᠠᠷᠢᠨ ᠲᠠᠶᠢᠯᠪᠤᠷᠢᠯᠠᠪᠠ᠃       ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠤᠪᠴᠢᠶᠠᠨ ᠤ ᠤᠳᠤᠷᠢᠳᠤᠯᠭ᠎ᠠ ᠠᠴᠠ ︽ᠡᠨᠡ ᠪᠣᠯ ᠲᠠᠨ ᠤ ᠬᠠᠷᠠᠭᠠᠯᠵᠠᠯ ᠤᠨ ᠦᠨᠡᠮᠯᠡᠯ ᠪᠤᠯᠤᠨ᠎ᠠ᠂ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠴᠢᠨᠢ ᠪᠡᠯᠭᠡ ᠲᠡᠮᠳᠡᠭ  ᠶᠤᠮ᠂  ᠰᠠᠶᠢᠬᠠᠨ ᠬᠠᠳᠠᠭᠠᠯᠠᠭᠠᠷᠠᠢ᡽︾ ᠬᠡᠮᠡᠨ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ ᠤ ᠬᠠᠯᠠᠭᠳᠠᠭᠰᠠᠨ ᠴᠡᠷᠢᠭ ᠼᠦᠢ ᠹᠧᠩ ᠱᠠᠨ ᠨᠠᠰᠤᠳᠠᠨ ᠳᠤ ᠺᠠᠷᠲ ᠶᠢ  ᠭᠠᠷᠳᠠᠭᠤᠯᠬᠤ ᠳᠤ  ︽ᠲᠠᠨᠠᠷ ᠨᠠᠮ ᠵᠠᠰᠠᠭ  ᠤᠨ ᠬᠠᠶᠢᠷ᠎ᠠ ᠬᠠᠯᠠᠮᠵᠢ ᠶᠢ ᠬᠦᠷᠭᠡᠵᠦ ᠠᠪᠴᠢᠷᠠᠯ᠎ᠠ᠂   ᠪᠢᠳᠡ ᠦᠷᠬᠦᠯᠵᠢᠯᠡᠨ ᠴᠢᠷᠮᠠᠶᠢᠵᠤ ᠦᠯᠡᠳᠡᠪᠦᠷᠢ ᠢᠯᠴᠢ ᠪᠠᠨ ᠪᠠᠳᠠᠷᠠᠭᠤᠯᠤᠨ᠂ ᠤᠯᠠᠨ ᠲᠦᠮᠡᠨ ᠤ ᠪᠠᠨ ᠳᠠᠭᠠᠭᠤᠯᠤᠭᠴᠢ ᠪᠤᠯᠵᠠᠭᠠᠶ᠎ᠠ︾ ᠬᠡᠵᠦ ᠦᠨᠡᠮᠯᠡᠯ ᠢᠶᠠᠨ ᠠᠳᠬᠤᠭᠰᠠᠨ ᠨᠠᠰᠤᠳᠠᠨ ᠭᠤᠸᠠᠢ ᠰᠡᠳᠬᠢᠯ ᠬᠥᠳᠡᠯᠦᠨ ᠶᠠᠷᠢᠵᠤ ᠪᠠᠶᠢᠯ᠎ᠠ᠃  ᠳᠠᠷᠠᠭ᠎ᠠ ᠨᠢ  ᠦᠢᠯᠡᠳᠪᠦᠷᠢ ᠬᠤᠳᠠᠯᠳᠤᠭᠠᠨ ᠤ  ᠪᠠᠩᠬᠢ   ᠶᠢᠨ ᠠᠵᠢᠯᠳᠠᠨ ᠠᠴᠠ ᠮᠡᠳᠡᠭᠡ ᠵᠠᠩᠭᠢ   ᠶᠢ ᠬᠢᠨᠠᠨ ᠬᠠᠷᠭᠤᠭᠤᠯᠬᠤ᠂   ᠵᠢᠰᠦᠯᠡᠨ ᠲᠠᠨᠢᠬᠤ ᠭᠡᠷᠡᠴᠢᠯᠡᠯ ᠬᠢᠬᠦ᠂ ᠨᠢᠭᠤᠴᠠ ᠨᠣᠮᠧᠷ ᠲᠣᠬᠢᠷᠠᠭᠤᠯᠬᠤ ᠵᠡᠷᠭᠡ ᠠᠵᠢᠯ   ᠢ ᠬᠢᠭᠰᠡᠨ ᠤ ᠳᠠᠷᠠᠭ᠎ᠠ ᠲᠤᠬᠠᠢ   ᠶᠢᠨ ᠲᠠᠯᠠᠪᠠᠶ ᠳᠤ ᠺᠠᠷᠲ ᠢ ᠠᠮᠢᠯᠠᠭᠤᠯᠵᠠᠢ᠃    ᠡᠨᠡ ᠤᠳᠠᠭᠠᠨ ᠤ ᠠᠵᠢᠯᠯᠠᠭ᠎ᠠ ᠶᠢ ᠦᠷᠨᠢᠬᠦᠯᠬᠦ ᠳᠡᠭᠡᠨ᠂ ᠬᠡᠰᠡᠭ ᠴᠡᠷᠢᠭ ᠠᠴᠠ ᠬᠠᠯᠠᠭᠳᠠᠭᠰᠠᠳ ᠤᠨ ᠭᠡᠷ ᠨᠤᠳᠤᠭ ᠨᠢ ᠨᠡᠯᠢᠶᠡᠳ ᠪᠤᠶᠢᠳᠠ ᠪᠥᠭᠯᠡᠭᠦᠦ  ᠪᠤᠶᠤ ᠨᠠᠰᠤ ᠵᠢᠯ ᠪᠡᠶ᠎ᠡ ᠮᠠᠬᠠᠪᠤᠳ ᠤᠨ ᠪᠠᠶᠢᠳᠠᠯ   ᠢ ᠨᠢ ᠪᠤᠳᠤᠯᠬᠢᠯᠠᠵᠤ ᠂    ᠬᠠᠷᠠᠭᠠᠯᠵᠠᠯ ᠤᠨ ᠦᠨᠡᠮᠯᠡᠯ   ᠢ  ᠭᠡᠷ ᠲᠤᠨᠢ ᠬᠦᠷᠭᠡᠵᠦ ᠦᠭᠬᠦᠭᠰᠡᠨ ᠪᠠᠶᠢᠨ᠎ᠠ᠃  ᠡᠨᠡᠬᠦ ᠦᠢᠯᠡᠴᠢᠯᠡᠬᠡᠨ ᠤ ᠬᠡᠯᠪᠡᠷᠢ ᠨᠢ  ᠠᠵᠢᠯᠲᠠᠳ ᠤᠨ ᠠᠷᠠᠳ ᠲᠦᠮᠡᠨ ᠳᠤ ᠦᠢᠯᠡᠴᠢᠯᠡᠬᠦ ᠰᠡᠳᠬᠢᠯᠭᠡ ᠶᠢ ᠬᠠᠷᠠᠭᠤᠯᠵᠤ᠂ ᠨᠡᠩ ᠴᠤ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠰᠢᠯᠢᠳᠡᠭ ᠰᠠᠶᠢᠨ ᠠᠵᠢᠯ ᠤᠨ ᠰᠤᠷᠲᠠᠯ   ᠢ  ᠬᠠᠷᠠᠭᠤᠯᠵᠠᠢ᠃    ︽ᠣᠲᠣ ᠪᠣᠯᠲᠠᠯ᠎ᠠ ᠪᠢᠳᠡ ᠬᠠᠷᠠᠭᠠᠯᠵᠠᠯ ᠤᠨ ᠦᠨᠡᠮᠯᠡᠯ  ᠡᠷᠡᠮᠡᠵᠯᠡᠯᠡᠨ ᠤᠯᠭᠤᠬᠤ ᠠᠵᠢᠯ ᠤᠨ 70 % ᠶᠢ ᠨᠢᠭᠡᠨᠲᠡ ᠪᠡᠶᠡᠯᠡᠭᠦᠯᠵᠦ᠂ 141  ᠬᠤᠪᠢ ᠬᠠᠷᠠᠭᠠᠯᠵᠠᠯ ᠤᠨ ᠦᠨᠡᠮᠯᠡᠯ ᠢ ᠭᠠᠷᠳᠠᠭᠤᠯᠵᠠᠢ᠃ ᠨᠠᠩ ᠨᠠᠷᠢᠯᠢᠭ ᠣᠨᠣᠴᠠᠲᠠᠢ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠶᠢᠨ ᠲᠥᠯᠥᠭᠡ᠂ ᠪᠢᠳᠡ ᠪᠠᠩᠬᠢ ᠶᠢᠨ ᠠᠵᠢᠯᠲᠠᠳ ᠲᠠᠢ ᠬᠠᠮᠵᠢᠯᠴᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂  ᠬᠠᠷᠠᠭᠠᠯᠵᠠᠯ ᠤᠨ ᠦᠨᠡᠮᠯᠡᠯ  ᠢ  ᠭᠡᠷ ᠲᠤᠨᠢ ᠬᠦᠷᠭᠡᠬᠦ ᠶᠢᠨ ᠬᠠᠮᠳᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠶᠤᠮ︾  ᠭᠡᠵᠦ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ  ᠡᠷᠬᠢᠯᠡᠬᠦ ᠲᠣᠪᠴᠢᠶᠠᠨ ᠤ ᠳᠡᠳ᠋ ᠳᠠᠷᠤᠭ᠎ᠠ ᠯᠢᠦ ᠵᠢᠩ ᠯᠢ  ᠲᠠᠨᠢᠯᠴᠠᠭᠤᠯᠤᠯ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号