ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠣᠶ ᠶᠢ ᠪᠠᠶᠠᠷᠯᠠᠨ ᠤᠭᠳᠤᠬᠤ | ᠲᠠᠰᠢᠷᠠᠮ ᠳᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠩᠨᠡᠭᠡᠨ ᠤ ᠪᠠᠶᠢᠭᠤᠯᠤᠯᠲᠠ ᠶᠢ | ᠠᠬᠢᠭᠤᠯᠵᠤ᠂ ᠨᠠᠮ ᠤᠨ ᠡᠭᠦᠷ ᠤᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠨ᠂ ᠠᠷᠭ᠎ᠠ | ᠲᠤᠷᠰᠢᠯᠭ᠎ᠠ ᠢᠶᠠᠨ ᠰᠤᠷᠤᠯᠴᠠᠨ ᠰᠤᠯᠢᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠬᠦᠳ ᠤᠨ ᠳᠣᠲᠣᠭᠠᠳᠤ | ᠬᠥᠳᠡᠯᠭᠡᠭᠦ ᠬᠦᠴᠦᠨ ᠢ ᠬᠦᠭᠵᠢᠬᠡᠬᠦ ᠶᠢᠨ ᠲᠤᠰᠠᠳᠠ᠂ 6 ᠰᠠᠷ᠎ᠠ ᠶᠢᠨ 28 ᠤ ᠡᠳᠦᠷ ᠠᠴᠠ 29 ᠤ ᠡᠳᠦᠷ | ᠪᠣᠯᠲᠠᠯ᠎ᠠ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ | ᠪᠣᠯᠣᠨ ᠲᠠᠶᠢᠹᠤᠰᠧ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ᠂ ᠪᠤᠤᠴᠠᠩ | ᠪᠠᠯᠭᠠᠰᠤᠨ ᠤ ᠪᠢᠶᠠᠨ ᠴᠢᠶᠠᠩ ᠲᠣᠰᠬᠤᠨ ᠤ ᠨᠠᠮ ᠤᠨ ᠡᠭᠦᠷ ᠬᠠᠮᠲᠤᠷᠠᠨ ︽7.1︾ ᠢᠶᠠᠨ ᠤᠭᠲᠤᠬᠤ ᠭᠤᠣᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠳᠤᠮᠳᠠ᠂ ᠨᠠᠮ ᠤᠨ ᠭᠡᠰᠢᠭᠦᠳ | ᠪᠢᠶᠠᠨ ᠴᠢᠶᠠᠩ ᠲᠣᠰᠬᠤᠨ ᠳᠤ ᠬᠦᠷᠴᠦ ᠬᠠᠮᠲᠤ ᠶᠢᠨ ᠠᠵᠤ ᠠᠬᠤᠢ ᠶᠢᠨ ᠬᠦᠭᠵᠢᠯᠳᠡ᠂ ᠭᠤᠣᠯᠳᠠᠯᠭ᠎ᠠ ᠲᠠᠢ | ᠲᠦᠷᠦᠯ ᠵᠦᠢᠯ ᠤᠨ ᠪᠠᠶᠢᠭᠤᠯᠤᠯᠲᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠵᠡᠷᠭᠡ ᠠᠵᠢᠯ ᠤᠨ | ᠲᠣᠭᠤᠷᠢᠨ ᠳᠤ ᠠᠬᠤᠢ ᠲᠠᠯᠠᠪᠠᠢ ᠳᠤ ᠲᠣᠭᠤᠷᠢᠨ ᠰᠤᠷᠤᠯᠴᠠᠬᠤ ᠶᠢᠨ ᠬᠠᠮᠲᠤ ᠂ ᠲᠤᠷᠰᠢᠯᠭ᠎ᠠ ᠪᠠᠨ ᠰᠣᠯᠢᠯᠴᠠᠵᠤ | ᠬᠠᠷᠢᠯᠴᠠᠨ ᠰᠤᠷᠤᠯᠴᠠᠭᠰᠠᠨ ᠪᠠᠶᠢᠨ᠎ᠠ ᠃ ᠠᠵᠢᠯᠯᠠᠭ᠎ᠠ ᠳᠤ ᠤᠷᠤᠯᠴᠠᠭᠰᠠᠨ ᠨᠠᠮ ᠤᠨ ᠭᠡᠰᠢᠬᠦᠳ ᠪᠦᠷ ︽ᠡᠨᠡ | ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠠᠵᠠ ᠲᠣᠬᠢᠶᠠᠯ ᠪᠤᠯᠭᠠᠨ᠂ ᠠᠵᠢᠯ ᠤᠨ | ᠪᠠᠶᠢᠷᠢ ᠳᠡᠭᠡᠷ᠎ᠡ ᠪᠠᠨ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠲᠠᠭᠤᠷᠢᠶᠠᠯ ᠲᠠᠭᠠᠭᠤᠯᠭ᠎ᠠ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠦᠵᠡᠯ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠠᠵᠢᠯ ᠤᠨ | ᠰᠡᠳᠬᠢᠴᠡ ᠪᠠᠨ ᠲᠡᠬᠦᠯᠳᠡᠷᠵᠢᠬᠦᠯᠦᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠤᠨ ᠭᠡᠰᠢᠭᠦᠨ ᠤ | ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠶᠢ ᠪᠣᠳᠠᠲᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠵᠦ᠂ ᠨᠡᠩ | ᠪᠤᠳᠠᠳᠠᠢ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠨ᠎ᠠ ᠭᠡᠵᠦ ᠢᠯᠡᠳᠬᠡᠵᠡᠭᠡᠪᠡ᠃ |