ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ ︵84 ᠲᠣᠭᠠᠲᠤ︶
ᠨᠡᠶᠢᠲᠡᠯᠡᠭᠰᠡᠨ ᠴᠠᠭ᠄
2022/6/6
   ᠣᠶᠢᠷ᠎ᠠ ᠳᠤ᠂  ᠮᠠᠨ ᠤ ᠠᠶᠢᠮᠠᠭ ᠤᠨ ᠡᠷᠢᠶᠡᠨ ᠬᠤᠲᠠ᠂ ᠰᠥᠨᠢᠳ ᠪᠠᠷᠠᠭᠤᠨ ᠬᠤᠰᠢᠭᠤᠨ ᠳᠤ ᠤᠨᠤᠰᠢᠯᠠᠭᠳᠠᠭᠰᠠᠨ ᠡᠪᠡᠳᠴᠢᠨ ᠤ ᠵᠢᠱᠢᠶ᠎ᠡ ᠵᠢᠴᠢ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠰᠠᠳ ᠢᠯᠡᠷᠡᠵᠦ ᠂  ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ  ᠠᠵᠢᠯ ᠲᠤᠶᠢᠯ ᠤᠨ ᠬᠦᠨᠳᠦ ᠪᠤᠳᠤᠯᠢᠶᠠᠨᠲᠠᠢ ᠪᠤᠯᠤᠭᠠᠳ ᠪᠤᠢ᠃ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂  ᠡᠳᠦᠬᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ  ᠵᠠᠷᠯᠠᠨ ᠮᠡᠳᠡᠭᠳᠡᠵᠦ ᠪᠠᠶᠢᠨ᠎ᠠ᠄     ᠨᠢᠭᠡ᠂  ᠡᠨᠡ ᠡᠳᠦᠷ ᠠᠴᠠ  ᠡᠬᠢᠯᠡᠭᠡᠳ᠂  ᠮᠠᠨ ᠤ ᠬᠤᠰᠢᠭᠤᠨ ᠤ ᠪᠦᠬᠦᠶᠢᠯᠡ ᠬᠤᠭᠤᠯᠠᠨ ᠭᠡᠷ᠂ ᠵᠣᠴᠢᠳ ᠤᠨ ᠪᠠᠭᠤᠳᠠᠯ ᠨᠢ ᠬᠤᠷᠢᠮ ᠨᠠᠶᠢᠷ  ᠶᠤᠰᠤᠯᠠᠯ ᠤᠨ ᠠᠵᠢᠯᠯᠠᠭ᠎ᠠ ᠡᠷᠬᠢᠯᠡᠬᠦ ᠪᠠᠨ ᠲᠦᠷ ᠵᠤᠭᠰᠤᠨ᠂ ᠤᠯᠠᠨ ᠨᠡᠶᠢᠳᠡ ᠶᠢᠨ ᠲᠠᠮᠢᠷ ᠤᠨ ᠲᠠᠯᠠᠪᠤᠷ  ᠂ ᠠᠷᠢᠬᠢᠨ ᠪᠠᠭᠠᠷ᠂ ᠳᠠᠭᠤᠤ ᠪᠥᠵᠢᠭ ᠤᠨ ᠲᠢᠩᠬᠢᠮ᠂  ᠰᠢᠷᠠᠮᠠᠯ ᠤᠨ  ᠭᠠᠵᠠᠷ  ᠵᠡᠷᠭᠡ ᠨᠢ ᠡᠬᠦᠳᠡ ᠪᠠᠨ ᠲᠦᠷ ᠬᠠᠭᠠᠵᠤ᠂ ᠵᠤᠭ᠎ᠠ  ᠴᠡᠩᠬᠡᠬᠦᠨ ᠤ ᠦᠢᠯᠡᠴᠢᠯᠡᠭᠡ ᠬᠠᠩᠭᠠᠬᠤ ᠪᠠᠨ ᠡᠷᠡᠰ ᠵᠤᠭᠰᠤᠨ᠎ᠠ    ᠬᠤᠶᠠᠷ᠂ ᠳᠡᠯᠭᠡᠭᠦᠷ ᠬᠤᠳᠠᠯᠳᠤᠭ᠎ᠠ᠂ ᠬᠤᠭᠤᠯᠠᠨ ᠭᠡᠷ᠂ ᠡᠮ ᠤᠨ ᠫᠦᠰᠡ᠂ ᠪᠠᠩᠬᠢ ᠵᠡᠷᠭᠡ ᠣᠯᠠᠨ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ ᠬᠥᠮᠥᠰ ᠡᠷᠬᠡᠪᠰᠢ  ᠲᠦᠷᠢᠮᠵᠢᠯ ᠲᠠᠢ ᠪᠠᠷ ᠠᠮᠠᠪᠴᠢ ᠵᠡᠭᠦᠬᠦ ᠶᠢᠨ ᠬᠠᠮᠲᠤ ᠺᠣᠳ᠋   ᠰᠢᠷᠪᠢᠵᠦ ᠲᠠᠩᠰᠠᠯᠠᠬᠤ ᠬᠡᠷᠡᠭᠲᠡᠢ᠃     ᠭᠤᠷᠪᠠ᠂  ︽ᠤᠯᠤᠰ ᠤᠨ ᠰᠢᠯᠭᠠᠯᠲᠠ︾  ᠳᠤ ᠤᠷᠤᠯᠴᠠᠬᠤ ᠰᠤᠷᠤᠭᠴᠢᠳ ᠲᠤ ᠰᠠᠶᠢᠨ ᠰᠠᠶᠢᠬᠠᠨ ᠠᠮᠠᠷᠠᠯᠳᠠ ᠶᠢᠨ ᠨᠥᠬᠦᠴᠡᠯ ᠪᠦᠷᠢᠯᠳᠦᠭᠦᠯᠵᠦ ᠥᠭᠬᠦ ᠶᠢᠨ ᠲᠥᠯᠥᠭᠡ᠂  ᠡᠨᠡ ᠡᠳᠦᠷ ᠠᠴᠠ  ᠡᠬᠢᠯᠡᠭᠡᠳ 6 ᠰᠠᠷ᠎ᠠ ᠶᠢᠨ 9 ᠤ ᠡᠳᠦᠷ ᠪᠣᠯᠲᠠᠯ᠎ᠠ᠂ ᠥᠷᠯᠥᠭᠡ ᠦᠳᠡᠰᠢ ᠶᠢᠨ ᠵᠠᠬ᠎ᠠ ᠳᠡᠯᠭᠡᠭᠦᠷ ᠢ ᠵᠤᠭᠰᠤᠭᠠᠨ᠎ᠠ᠂  ᠮᠠᠰᠢᠨ ᠬᠥᠰᠬᠡ  ᠤᠳ ᠶᠡᠭᠡ ᠲᠠᠭᠤᠨ ᠢᠶᠠᠷ ᠪᠦᠷᠢᠶ᠎ᠡ ᠲᠤᠤᠭᠠᠷᠭᠠᠵᠤ ᠪᠤᠯᠬᠤ ᠦᠬᠡᠢ᠂  ᠪᠠᠷᠢᠯᠭ᠎ᠠ ᠶᠢᠨ ᠠᠵᠤ ᠠᠬᠤᠶᠢᠯᠠᠯ ᠨᠢ ᠣᠷᠣᠢ ᠶᠢᠨ 8 ᠴᠠᠭ ᠠᠴᠠ  ᠬᠤᠶᠢᠰᠢ᠂ ᠥᠷᠯᠥᠭᠡ ᠶᠢᠨ 8 ᠴᠠᠭ ᠠᠴᠠ ᠡᠮᠦᠨ᠎ᠡ ᠠᠵᠢᠯ   ᠳᠠᠭᠠᠨ ᠭᠠᠷᠬᠤ ᠦᠬᠡᠢ ᠪᠠᠶᠢᠵᠤ᠂ ᠲᠠᠭᠤ ᠱᠤᠤᠭᠢᠶᠠᠨ ᠤ ᠪᠣᠬᠢᠷᠳᠤᠯ  ᠡᠬᠦᠰᠬᠡᠬᠦ ᠠᠴᠠ ᠬᠢᠴᠢᠶᠡᠬᠦ ᠭᠡᠷᠡᠭᠳᠡᠢ᠃                                                                  ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ                                2022 ᠣᠨ ᠤ 6 ᠰᠠᠷ᠎ᠠ ᠶᠢᠨ 5 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号