ᠵᠣᠣ ᠹᠧᠢ ᠫᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠰᠬᠠᠢ ᠰᠡᠳᠦᠪᠳᠦ  ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/7
   6 ᠰᠠᠷ᠎ᠠ ᠶᠢᠨ 3 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠪᠠ ᠲᠥᠪᠯᠡᠷᠡᠭᠦᠯᠦᠨ ᠲᠤᠰᠠᠭᠠᠷᠯᠠᠬᠤ ᠪᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂  ᠪᠥᠬᠦ ᠬᠤᠰᠢᠭᠤᠨ ᠤ ᠡᠯ᠎ᠡ  ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠤᠯᠠᠮ ᠴᠢᠩᠭᠠᠳᠬᠠᠵᠤ᠂ ᠣᠳᠣᠬᠠᠨ ᠤ ᠬᠢᠵᠢᠭ ᠰᠡᠷᠭᠡᠶᠢᠯᠡᠬᠦ  ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ   ᠢ ᠰᠡᠷᠭᠡᠭ   ᠢᠶᠠᠷ ᠲᠠᠨᠢᠨ᠂ ᠦᠵᠡᠯ ᠰᠠᠨᠠᠭᠠᠨ ᠤ ᠰᠡᠷᠭᠡᠶᠢᠯᠡᠯᠲᠡ   ᠶᠢᠨ ᠱᠤᠭᠤᠮ   ᠢ ᠨᠢᠭᠡ ᠮᠥᠴᠡ ᠴᠦ ᠰᠤᠯᠠᠷᠠᠭᠤᠯᠬᠤ ᠦᠭᠡᠢ ᠪᠠᠶᠢᠵᠤ᠂ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠡᠯ᠎ᠡ  ᠲᠦᠷᠦᠯ ᠤᠨ ᠠᠵᠢᠯ   ᠢ ᠡᠶᠢᠨ ᠠᠴᠠ ᠲᠡᠬᠦᠰᠳᠡᠯ᠎ᠡ ᠬᠢᠴᠢᠶᠡᠮᠵᠢᠳᠡᠢ ᠰᠠᠶᠢᠨ ᠠᠳᠬᠤᠬᠤ ᠬᠡᠷᠡᠭᠲᠡᠢ᠃ ᠲᠥᠪᠯᠡᠷᠡᠭᠦᠯᠦᠨ ᠲᠤᠰᠠᠭᠠᠷᠯᠠᠬᠤ  ᠪᠠᠭᠤᠳᠠᠯ ᠤᠨ ᠥᠭᠡᠷᠡᠴᠢᠯᠡᠯᠲᠡ ᠶᠢᠨ ᠠᠬᠢᠴᠠ ᠶᠢ ᠪᠥᠬᠦ ᠲᠠᠯ᠎ᠠ ᠪᠠᠷ ᠲᠦᠷᠭᠡᠳᠬᠡᠵᠦ᠂  ᠲᠤᠭᠳᠠᠭᠰᠠᠨ ᠴᠠᠭ ᠲᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ  ᠰᠠᠶᠢᠨ ᠬᠢᠵᠦ᠂ ︽ᠭᠠᠳᠠᠨ᠎ᠠ ᠠᠴᠠ ᠣᠷᠣᠬᠤ ᠶᠢ ᠰᠡᠷᠭᠡᠶᠢᠯᠡᠬᠦ︾ ᠡᠯ᠎ᠡ  ᠲᠦᠷᠦᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂  ᠪᠠᠶᠢᠴᠠᠭᠠᠨ ᠤᠶᠢᠯᠠᠭᠠᠬᠤ᠂ ᠮᠡᠳᠡᠭᠦᠯᠦᠨ ᠳᠠᠩᠰᠠᠯᠠᠭᠤᠯᠬᠤ ᠠᠵᠢᠯ ᠢ ᠰᠠᠶᠢᠨ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠣᠭᠲᠠᠭᠤᠨ ᠤ ᠬᠠᠯᠬᠠᠪᠴᠢ ᠶᠢ ᠪᠦᠬᠦ ᠬᠦᠴᠦᠨ ᠢᠶᠠᠷ ᠪᠠᠶᠢᠭᠤᠯᠬᠤ ᠬᠡᠷᠡᠭᠲᠡᠢ᠃   ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ︽ᠤᠯᠤᠰ ᠤᠨ ᠰᠢᠯᠭᠠᠯᠲᠠ︾   ᠶᠢᠨ ᠭᠤᠣᠯᠳᠠᠯᠭ᠎ᠠ ᠲᠠᠢ ᠴᠠᠭ ᠪᠠ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠵᠢᠭ ᠰᠡᠷᠭᠡᠶᠢᠯᠡᠬᠦ ᠠᠵᠢᠯ ᠤᠨ ᠲᠦᠰᠦᠪ ᠪᠠ ᠪᠠᠴᠢᠮ ᠪᠠᠶᠢᠳᠠᠯ ᠢ ᠠᠷᠭᠠᠴᠠᠬᠤ ᠲᠦᠰᠦᠪ ᠢ ᠬᠠᠨᠳᠤᠯᠭᠠᠲᠤ ᠴᠢᠨᠠᠷᠲᠠᠢ ᠪᠠᠷ ᠲᠤᠭᠳᠠᠭᠠᠨ᠂ ᠬᠢᠵᠢᠭ ᠰᠡᠷᠭᠡᠶᠢᠯᠡᠯᠳᠡ ᠪᠠ ᠰᠢᠯᠭᠠᠯᠳᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠰᠢᠯᠭᠠᠭᠤᠯᠤᠭᠰᠠᠳ ᠲᠤ ᠠᠮᠤᠷ ᠲᠦᠪᠰᠢᠨ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠢ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ  ᠠᠵᠢᠯ ᠤᠨ  ᠪᠠᠶᠢᠳᠠᠯ ᠢᠶᠠᠨ ᠴᠠᠭ ᠢᠮᠠᠭᠲᠠ ᠪᠠᠲᠤᠯᠠᠵᠤ᠂  ᠬᠠᠮᠵᠢᠯᠴᠠᠭ᠎ᠠ ᠨᠡᠪᠳᠡᠷᠡᠯᠴᠡᠭᠡ ᠪᠠᠨ  ᠴᠢᠩᠭᠠᠳᠬᠠᠨ᠂ ᠥᠪᠡᠷ ᠥᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠰᠡᠳᠬᠢᠯ ᠨᠢᠬᠡᠳᠬᠡᠵᠦ ᠬᠦᠴᠦ ᠬᠠᠮᠳᠤᠳᠬᠠᠨ᠂ ᠬᠢᠯᠪᠠᠷ ᠪᠤᠰᠤ ᠪᠠᠷ ᠣᠯᠣᠭᠰᠠᠨ ᠬᠢᠵᠢᠭ ᠰᠡᠷᠭᠡᠶᠢᠯᠡᠯᠳᠡ ᠶᠢᠨ ᠦᠷ᠎ᠡ ᠪᠦᠲᠦᠭᠡᠯ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠣᠯᠠᠨ ᠲᠦᠮᠡᠨ ᠤ ᠡᠷᠡᠭᠦᠯ ᠮᠡᠨᠳᠦ ᠪᠠ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤᠨ ᠤ ᠤᠳᠤᠷᠢᠳᠤᠯᠭ᠎ᠠ ᠵᠣᠣ ᠬᠠᠢ ᠯᠢ᠂ ᠯᠢ ᠵᠠᠨ ᠪᠦᠦ᠂  ᠡᠷᠳᠡᠨᠢᠪᠠᠭᠠᠳᠤᠷ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ ︵6.6︶
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号