ᠸᠠᠩ ᠸᠧᠢ ᠬᠤᠩ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠲᠠᠯᠠᠪᠠᠢ ᠳᠤ ᠪᠠᠶᠢᠴᠠᠭᠠᠯᠳᠠ ᠬᠢᠭᠰᠡᠨ
ᠨᠡᠶᠢᠲᠡᠯᠡᠭᠰᠡᠨ ᠴᠠᠭ᠄
2022/6/7
  6 ᠰᠠᠷ᠎ᠠ ᠶᠢᠨ 5 ᠤ ᠡᠳᠦᠷ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠬᠤᠰᠢᠭᠤᠨ  ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠨᠵᠡᠬᠡᠶᠢᠷᠡᠵᠦ᠂  ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ  ᠲᠠᠯᠠᠪᠠᠢ ᠶᠢᠨ ᠪᠡᠯᠡᠳᠬᠡᠯ ᠠᠵᠢᠯ ᠢ  ᠪᠠᠶᠢᠴᠠᠭᠠᠨ ᠵᠢᠯᠣᠭᠤᠳᠪᠠ᠃ ᠸᠠᠩ ᠸᠧᠢ ᠬᠤᠩ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠬᠤ ᠠᠷᠭ᠎ᠠ  ᠬᠡᠮᠵᠢᠶ᠎ᠡ ᠶᠢ ᠨᠠᠷᠢᠨ ᠣᠶᠢᠯᠠᠭᠠᠵᠤ᠂  ᠬᠠᠯᠠᠭᠤᠨ ᠢ ᠬᠡᠮᠵᠢᠬᠦ᠂ ᠠᠷᠢᠭᠤᠳᠬᠠᠯ ᠬᠢᠬᠦ  ᠠᠵᠢᠯ ᠤᠨ ᠪᠡᠯᠡᠳᠬᠡᠯ ᠪᠠ   ᠬᠢᠨᠠᠨ ᠡᠵᠡᠮᠳᠡᠬᠦ ᠲᠠᠰᠤᠭ᠂ ᠨᠢᠭᠤᠴᠠ ᠶᠢ ᠬᠠᠮᠠᠭᠠᠯᠠᠬᠤ ᠲᠠᠰᠤᠭ᠂ ᠡᠷᠡᠭᠦᠯ ᠮᠡᠨᠳᠦ ᠶᠢᠨ ᠪᠠᠶᠢᠴᠠᠭᠠᠯᠳᠠ ᠶᠢᠨ ᠴᠡᠭ᠂ ᠰᠢᠯᠭᠠᠯᠲᠠ ᠶᠢᠨ ᠲᠠᠯᠠᠪᠤᠷ ᠵᠡᠷᠭᠡ ᠬᠠᠮᠢᠶ᠎ᠠ ᠪᠦᠬᠦᠢ ᠲᠠᠯᠠᠪᠤᠷ ᠢ ᠪᠠᠶᠢᠴᠠᠭᠠᠨ ᠦᠵᠡᠭᠰᠡᠨ ᠤ ᠲᠠᠷᠠᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠣᠨ  ᠬᠠᠮᠢᠶ᠎ᠠ ᠪᠦᠬᠦᠢ ᠰᠤᠷᠭᠠᠭᠤᠯᠢ ᠨᠢ   ︽ᠤᠯᠤᠰ ᠤᠨ ᠰᠢᠯᠭᠠᠯᠲᠠ︾ ᠶᠢᠨ  ᠬᠤᠭᠤᠴᠠᠭᠠᠨ ᠤ ᠬᠢᠵᠢᠭ ᠰᠡᠷᠭᠡᠶᠢᠯᠡᠬᠦ ᠠᠷᠭ᠎ᠠ  ᠪᠠᠷᠢᠯ ᠢ ᠪᠥᠬᠦ ᠲᠠᠯ᠎ᠠ ᠪᠠᠷ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠰᠢᠯᠭᠠᠯᠲᠠ ᠶᠢᠨ ᠠᠵᠢᠯᠲᠠᠨ ᠪᠣᠯᠣᠨ ᠰᠢᠯᠭᠠᠭᠤᠯᠬᠤ ᠰᠤᠷᠤᠭᠴᠢ ᠶᠢᠨ ᠪᠥᠭᠡᠮ ᠬᠦᠴᠢᠯ ᠤᠨ ᠪᠠᠶᠢᠴᠠᠭᠠᠯᠲᠡ ᠪᠠ ᠬᠠᠮᠢᠶᠠᠷᠤᠯᠲᠠ ᠶᠢᠨ ᠠᠷᠭ᠎ᠠ ᠲᠦᠷᠢᠮ ᠢ ᠴᠢᠩᠭ᠎ᠠ  ᠭᠡᠷᠡᠭᠵᠢᠬᠦᠯᠦᠨ᠂  ᠬᠤᠭᠤᠯᠠ ᠤᠮᠳᠠ᠂  ᠬᠤᠨᠤᠭ ᠪᠠᠶᠢᠷᠢ ᠬᠢᠭᠡᠳ ᠡᠳᠦᠷ ᠲᠤᠲᠤᠮ ᠤᠨ ᠠᠷᠢᠭᠤᠳᠬᠠᠯ ᠬᠢᠬᠦ  ᠂ ᠰᠠᠯᠬᠢ ᠨᠡᠪᠲᠡᠷᠡᠭᠦᠯᠬᠦ ᠵᠡᠷᠭᠡ  ᠠᠵᠢᠯ ᠢ ᠨᠠᠷᠢᠯᠢᠭ  ᠮᠦᠷᠳᠡᠭᠡᠨ ᠪᠤᠳᠠᠳᠠᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠯᠭᠠᠯᠲᠠ ᠶᠢᠨ ᠲᠠᠯᠠᠪᠠᠢ ᠶᠢᠨ ᠬᠠᠲᠠᠭᠤ  ᠲᠤᠨᠤᠭ ᠤᠨ ᠪᠠᠶᠢᠴᠠᠭᠠᠯᠳᠠ ᠪᠠ ᠲᠤᠬᠢᠷᠠᠭᠤᠯᠤᠯᠳᠠ ᠶᠢ ᠰᠠᠶᠢᠨ ᠬᠢᠵᠦ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ  ᠠᠷᠭ᠎ᠠ ᠲᠦᠰᠦᠪ ᠢ ᠲᠡᠬᠦᠯᠳᠡᠷᠵᠢᠬᠦᠯᠦᠨ᠂  ᠰᠤᠷᠤᠭᠴᠢᠳ ᠲᠤ ᠰᠠᠶᠢᠨ ᠰᠠᠶᠢᠬᠠᠨ ᠰᠢᠯᠭᠠᠯᠲᠠ ᠶᠢᠨ ᠲᠠᠯᠠᠪᠠᠢ ᠶᠢᠨ ᠣᠷᠴᠢᠨ ᠨᠦᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠰᠢᠯᠭᠠᠭᠤᠯᠤᠭᠴᠢ ᠶᠢᠨ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠴᠤ᠂ ᠰᠡᠳᠬᠢᠴᠡ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠲᠡᠳᠡᠨ ᠳᠤ ᠨᠠᠩ ᠢᠯᠡᠬᠦᠦ ᠬᠠᠯᠠᠮᠵᠢᠯᠠᠯ ᠪᠠ ᠬᠠᠷᠠᠭᠠᠯᠵᠠᠯ ᠦᠵᠡᠬᠦᠯᠬᠦ ᠬᠡᠷᠡᠭᠲᠡᠢ᠃  ᠬᠤᠭᠤᠯᠠ  ᠤᠮᠳᠠ᠂ ᠬᠤᠨᠤᠭ ᠪᠠᠶᠢᠷᠢ᠂ ᠰᠤᠷᠤᠯᠭ᠎ᠠ  ᠠᠮᠢᠳᠤᠷᠠᠯ ᠤᠨ ᠲᠠᠯᠠᠪᠡᠷ ᠬᠢ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠶ᠎ᠡ ᠵᠣᠬᠢᠴᠠᠩᠭᠤᠢ ᠠᠮᠤᠷ ᠲᠣᠭᠲᠠᠭᠤᠨ  ᠣᠷᠴᠢᠨ ᠨᠦᠬᠦᠴᠡᠯ ᠢ  ᠪᠤᠢ ᠪᠤᠯᠭᠠᠨ᠂  ᠰᠤᠷᠭᠠᠭᠤᠯᠢ ᠶᠢᠨ ᠬᠡᠪ ᠤᠨ ᠡᠮᠬᠢ ᠳᠢᠭᠯᠢᠮ ᠢ ᠰᠠᠶᠢᠲᠤᠷ ᠬᠠᠮᠠᠭᠠᠯᠠᠵᠤ᠂ ᠨᠢᠭᠡᠳᠦᠯᠲᠡᠢ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号