ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡᠳᠬᠡᠯ | ᠠᠵᠢᠯ ᠢ ᠪᠦᠬᠦ ᠲᠠᠯ᠎ᠠ ᠪᠠᠷ ᠰᠠᠶᠢᠨ ᠬᠢᠵᠦ᠂ ᠪᠥᠭᠡᠮ ᠬᠦᠴᠢᠯ ᠤᠨ ᠪᠠᠶᠢᠴᠠᠭᠠᠯᠲᠡ ᠶᠢᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠨᠡᠨᠬᠦ ᠲᠡᠭᠡᠭᠰᠢᠯᠡᠬᠦᠯᠬᠦ ᠶᠢᠨ ᠲᠦᠯᠦᠬᠡ᠂ ᠠᠶᠢᠮᠠᠭ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠪᠠ ᠬᠤᠰᠢᠭᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ 2022 | ᠣᠨ ᠤ 6 ᠰᠠᠷ᠎ᠠ ᠶᠢᠨ 10 ᠤ ᠡᠳᠦᠷ ᠤᠨ ᠥᠷᠯᠥᠭᠡ ᠶᠢᠨ 5 ᠴᠠᠭ ᠲᠤ᠂ ᠪᠤᠤᠴᠠᠩ ᠪᠠᠯᠭᠠᠰᠤᠨ ᠤ ᠪᠥᠬᠦ ᠬᠥᠮᠥᠰ | ︵ᠭᠠᠳᠠᠨ᠎ᠠ ᠠᠴᠠ ᠢᠷᠡᠭᠰᠡᠨ ᠬᠥᠮᠥᠰ ᠪᠠ ᠶᠠᠪᠤᠭᠤᠯ ᠬᠥᠮᠥᠰ ᠢ ᠪᠠᠭᠲᠠᠭᠠᠨ᠎ᠠ︶ ᠲᠤ ᠪᠥᠭᠡᠮ ᠬᠦᠴᠢᠯ ᠤᠨ | ᠪᠠᠶᠢᠴᠠᠭᠠᠯᠲᠡ ᠶᠢᠨ ᠪᠣᠳᠠᠲᠤ ᠰᠣᠷᠢᠯᠲᠠ ᠶᠢ ᠬᠢᠬᠦ ᠪᠠᠷ ᠲᠦᠯᠦᠪᠯᠡᠪᠡ᠃ | ᠲᠤᠬᠠᠢ ᠶᠢᠨ ᠦᠶ᠎ᠡ ᠳᠤ᠂ ᠪᠤᠤᠴᠠᠩ ᠪᠠᠯᠭᠠᠰᠤᠨ ᠤ ᠡᠯ᠎ᠡ ᠰᠠᠭᠤᠭᠠᠯᠢ ᠲᠣᠭᠤᠷᠢᠭ᠂ ᠪᠠᠶᠢᠰᠢᠩ ᠭᠡᠷᠳᠦ | ᠲᠣᠭᠤᠷᠢᠭ ᠢ ᠪᠢᠲᠡᠭᠦᠮᠵᠢᠯᠡᠨ ᠬᠠᠮᠢᠶᠠᠷᠴᠤ᠂ ᠰᠣᠷᠢᠯᠲᠠ ᠳᠤ ᠤᠷᠤᠯᠴᠠᠬᠤ ᠠᠵᠢᠯᠲᠠᠨ ᠪᠠ ᠲᠡᠷᠭᠡ ᠤᠨᠤᠭ᠎ᠠ ᠠᠴᠠ | ᠪᠤᠰᠤᠳ ᠬᠦᠮᠦᠰ ᠪᠤᠶᠤ ᠲᠡᠷᠭᠡ ᠤᠨᠤᠭᠠᠨ ᠤ ᠭᠠᠳᠠᠭᠰᠢ ᠭᠠᠷᠬᠤ ᠶᠢ ᠴᠠᠭᠠᠵᠠᠯᠠᠨ᠎ᠠ᠃ ᠬᠠᠩᠭᠠᠯᠭ᠎ᠠ ᠶᠢ | ᠪᠠᠳᠤᠯᠠᠬᠤ ᠠᠵᠤ ᠠᠬᠤᠶᠢᠯᠠᠯ ᠪᠣᠯᠣᠨ ᠡᠮ ᠡᠮᠨᠡᠯᠭᠡ ᠶᠢᠨ ᠪᠠᠶᠢᠭᠤᠯᠤᠮᠵᠢ ᠠᠴᠠ ᠭᠠᠳᠠᠨ᠎ᠠ᠂ ᠳᠡᠯᠭᠡᠭᠦᠷ ᠬᠤᠳᠠᠯᠳᠤᠭ᠎ᠠ᠂ | ᠬᠤᠭᠤᠯᠠᠨ ᠭᠡᠷ᠂ ᠤᠬᠢᠶᠠᠯᠭ᠎ᠠ ᠶᠢᠨ ᠭᠠᠵᠠᠷ᠂ ᠦᠰᠦ ᠵᠠᠰᠠᠬᠤ ᠭᠠᠵᠠᠷ᠂ ᠰᠦᠯᠵᠢᠶᠡᠨ ᠪᠠᠭᠠᠷ᠂ ᠺᠢᠨᠣ᠋ ᠣᠷᠳᠣᠨ᠂ | ᠪᠡᠶ᠎ᠡ ᠴᠢᠭᠢᠷᠠᠭᠵᠢᠭᠤᠯᠬᠤ ᠦᠷᠦᠭᠡ ᠵᠡᠷᠭᠡ ᠡᠯ᠎ᠡ ᠲᠥᠷᠥᠯ ᠤᠨ ᠡᠵᠡᠩᠨᠡᠯᠲᠡ ᠶᠢᠨ ᠴᠢᠨᠠᠷᠲᠠᠢ ᠲᠠᠯᠠᠪᠤᠷ ᠤᠨ | ᠡᠵᠡᠩᠨᠡᠯᠲᠡ ᠶᠢ ᠲᠦᠷ ᠵᠣᠭᠰᠣᠭᠠᠨ᠎ᠠ᠃ | ᠪᠤᠤᠴᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠰᠠᠭᠤᠭᠠᠯᠢ ᠲᠣᠭᠤᠷᠢᠭ ᠢ ᠲᠠᠭᠠᠭᠠᠴᠢᠯᠠᠭᠰᠠᠨ | ᠪᠠᠶᠢᠭᠤᠯᠭ᠎ᠠ ᠨᠢᠭᠡᠴᠡ ᠨᠢ ᠰᠣᠷᠢᠯᠲᠠ ᠠᠴᠠ ᠡᠮᠦᠨᠡᠬᠢ ᠪᠡᠯᠡᠳᠬᠡᠯ ᠠᠵᠢᠯ ᠢ ᠰᠠᠶᠢᠨ ᠬᠢᠬᠦ ᠭᠡᠷᠡᠭᠳᠡᠢ ᠃ ᠥᠷᠭᠡᠨ | ᠤᠯᠠᠨ ᠰᠠᠭᠤᠭᠠᠯᠢ ᠠᠷᠠᠳ ᠠᠶᠤᠵᠤ ᠰᠠᠨᠳᠤᠷᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ | ᠦᠭᠡᠢ ᠪᠠᠶᠢᠵᠤ᠂ ᠰᠤᠷᠢᠯᠳᠠ ᠳᠤ ᠢᠳᠡᠪᠬᠢᠲᠡᠢ ᠬᠠᠮᠵᠢᠯᠴᠠᠬᠤ ᠭᠡᠷᠡᠭᠳᠡᠢ᠃ ᠪᠤᠳᠠᠳᠠᠢ ᠵᠦᠢᠯ ᠢ ᠲᠤᠬᠠᠢ ᠶᠢᠨ ᠦᠶ᠎ᠡ | ᠳᠤ ᠵᠢᠯᠤᠭᠤᠳᠬᠤ ᠭᠠᠵᠠᠷ ᠠᠴᠠ ᠲᠠᠬᠢᠵᠤ ᠮᠡᠳᠡᠭᠳᠡᠨ᠎ᠡ ᠃ | | ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ | | 2022 ᠣᠨ ᠤ 6 ᠰᠠᠷ᠎ᠠ ᠶᠢᠨ 7 ᠤ ᠡᠳᠦᠷ |