ᠬᠤᠶᠢᠰᠢᠳᠠ ᠶᠢᠨ ᠲᠠᠪᠤᠨ ᠵᠢᠯ ᠤᠨ ᠭᠤᠤᠯᠳᠠᠯᠭ᠎ᠠ ᠲᠠᠢ ᠠᠵᠢᠯ ᠡᠬᠦᠷᠭᠡ ( ᠭᠤᠷᠪᠠ )
ᠨᠡᠶᠢᠲᠡᠯᠡᠭᠰᠡᠨ ᠴᠠᠭ᠄
2022/6/7
 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠬᠥᠳᠡᠭᠡ ᠲᠣᠰᠬᠤᠨ ᠢ ᠪᠠᠶᠢᠭᠤᠯᠤᠨ᠎ᠠ ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠬᠦ ᠭᠡᠷᠡᠭᠳᠡᠢ᠃ 《 ᠳᠥᠷᠪᠡ ᠶᠢ ᠦᠯᠦ ᠲᠠᠶᠠᠭᠳᠠᠬᠤ 》 ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠯᠵᠢᠯᠲᠡ ᠶᠢᠨ ᠬᠤᠭᠤᠴᠠᠭᠠᠨ ᠳᠠᠬᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠳᠤᠯᠠᠨ᠂《 ᠬᠤᠶᠠᠷ ᠲᠤ ᠦᠯᠦ ᠵᠣᠪᠠᠭ᠋ᠤ ᠥᠬᠡᠶ ᠭᠤᠷᠪᠠ ᠶᠢ ᠵᠠᠪᠠᠯ ᠪᠠᠲᠤᠯᠠᠬᠤ 》 ᠶᠢ ᠪᠠᠬᠢᠵᠢᠭᠦᠯᠦᠨ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠰᠤᠷᠭᠠᠨ ᠬᠥᠮᠦᠵᠢᠯ᠂ ᠡᠮ ᠡᠮᠨᠡᠯᠬᠡ᠂ ᠣᠷᠣᠨ ᠰᠠᠭᠤᠴᠠ ᠪᠠ ᠤᠰᠤ ᠤᠮᠳᠠ ᠵᠡᠷᠭᠡ ᠪᠠᠳᠤᠯᠠᠭᠠᠨ ᠤ ᠲᠠᠯ᠎ᠠ ᠳᠤ ᠬᠤᠯᠪᠤᠭᠳᠠᠭᠰᠠᠨ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠬᠢᠯᠪᠠᠷ ᠪᠤᠰᠤ ᠪᠠᠷ ᠣᠯᠤᠭᠰᠠᠨ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠦᠷ᠎ᠡ ᠪᠦᠲᠦᠭᠡᠯ ᠢ ᠡᠷᠡᠰ ᠰᠠᠬᠢᠨ ᠬᠠᠮᠠᠭᠠᠯᠠᠵᠤ᠂ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠳᠡ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠪᠠᠶᠢᠩᠭᠤ ᠬᠠᠪᠰᠤᠷᠤᠨ ᠲᠡᠳᠬᠦᠬᠦ ᠪᠠ ᠶᠡᠷᠦᠩᠬᠡᠶᠢᠯᠡᠨ ᠠᠪᠤᠷᠠᠨ ᠲᠤᠰᠠᠯᠠᠬᠤ ᠠᠵᠢᠯ ᠢ ᠲᠥᠷᠥᠯ ᠬᠤᠪᠢᠶᠠᠨ ᠰᠠᠶᠢᠲᠤᠷ ᠬᠢᠵᠦ᠂ ᠬᠡᠪᠴᠢᠶᠡᠵᠢᠯ  ᠤᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠨ᠎ᠠ᠃ 《 ᠲᠠᠪᠤᠨ ᠶᠡᠭᠡ ᠬᠥᠭᠵᠢᠯ ᠮᠠᠨᠳᠤᠯ 》  ᠤᠨ ᠤᠨᠢᠨ ᠲᠡᠭᠡᠷ᠎ᠡ ᠨᠢ ᠬᠦᠴᠦᠯᠡᠬᠦ ᠭᠡᠷᠡᠭᠳᠡᠢ᠃ 《 ᠠᠵᠤ ᠦᠶᠯᠡᠰ ᠬᠥᠭᠵᠢᠭᠰᠡᠨ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠴᠢᠨᠡᠭᠡᠯᠢᠭᠵᠢᠭᠰᠡᠨ 》 ᠶᠡᠷᠦᠩᠬᠡᠶ ᠱᠠᠭᠠᠷᠳᠠᠯᠭ᠎ᠠ ᠶᠣᠰᠣᠭᠠᠷ᠂ ᠠᠵᠤ ᠦᠶᠯᠡᠰ᠂ ᠴᠢᠳᠠᠪᠤᠷᠢᠲᠠᠨ᠂ ᠰᠣᠶᠣᠯ᠂ ᠵᠤᠬᠢᠶᠠᠨ ᠪᠠᠶᠢᠭᠤᠯᠤᠯᠳᠠ  ᠶᠢᠨ《 ᠲᠠᠪᠤᠨ ᠶᠡᠭᠡ ᠬᠥᠭᠵᠢᠯ ᠮᠠᠨᠳᠤᠯ 》 ᠢ ᠬᠦᠨᠵᠡᠬᠡᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠶᠢᠨ ᠲᠣᠭᠤᠷᠢᠨ ᠳᠤ᠂ ᠣᠨᠴᠠᠯᠢᠭᠲᠤ ᠠᠵᠤ ᠦᠶᠯᠡᠰ᠂ ᠳᠠᠪᠠᠭᠤᠯᠢᠭ ᠠᠵᠤ ᠦᠶᠯᠡᠰ᠂ ᠭᠤᠤᠯᠯᠠᠬᠤ ᠠᠵᠤ ᠦᠶᠯᠡᠰ ᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠣᠯᠠᠨ ᠲᠦᠮᠡᠨ ᠤ ᠣᠷᠣᠯᠭ᠎ᠠ ᠶᠢᠨ ᠣᠯᠠᠨ ᠲᠠᠯᠠᠵᠢᠭᠰᠠᠨ ᠨᠡᠮᠡᠭᠳᠡᠯ ᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠂ ᠰᠢᠨ᠎ᠡ ᠬᠡᠯᠪᠡᠷᠢ  ᠶᠢᠨ ᠲᠠᠷᠢᠶᠠᠯᠠᠩ ᠮᠠᠯᠵᠢᠯ ᠤᠨ ᠡᠵᠡᠩᠨᠡᠯᠲᠡ ᠶᠢᠨ ᠭᠤᠤᠯ ᠴᠣᠭᠴᠠ ᠶᠢ ᠲᠦᠷᠭᠡᠳᠬᠡᠨ ᠪᠣᠶᠢᠵᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠤ ᠮᠠᠯᠵᠢᠬᠤ ᠲᠠᠷᠢᠶᠠᠯᠠᠬᠤ ᠣᠷᠣᠨ ᠳᠤ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠡᠷᠳᠡᠮ ᠴᠢᠳᠠᠯ ᠢᠶᠠᠨ ᠭᠠᠷᠭᠠᠬᠤ ᠶᠢ ᠵᠣᠷᠢᠭᠵᠢᠭᠤᠯᠤᠨ ᠳᠡᠮᠵᠢᠵᠦ᠂ ᠮᠡᠳᠡᠯᠭᠡ ᠮᠡᠷᠭᠡᠵᠢᠯ ᠲᠠᠢ᠂ ᠡᠵᠡᠩᠨᠡᠵᠦ ᠬᠠᠮᠢᠶᠠᠷᠬᠤ ᠳᠠᠭᠠᠨ ᠴᠢᠳᠠᠮᠠᠭᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠪᠠ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠤᠯ ᠬᠥᠭ ᠠᠶᠠᠰ ᠪᠠ ᠨᠡᠶᠢᠭᠡᠮ ᠤᠨ ᠲᠥᠪ ᠰᠤᠷᠲᠠᠯ ᠢ ᠪᠠᠳᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠣᠶᠤᠨ ᠤ ᠪᠣᠯᠪᠠᠰᠤᠨ ᠤ ᠰᠢᠨ᠎ᠡ ᠳᠦᠷᠰᠦ ᠪᠠᠶᠢᠳᠠᠯ ᠢ ᠡᠬᠦᠳᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ᠂ ᠭᠤᠶᠤᠵᠢᠭᠤᠯᠤᠯᠳᠠ᠂ ᠬᠥᠮᠦᠨ ᠮᠠᠯ ᠢ ᠰᠠᠯᠭᠠᠬᠤ᠂ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠢᠨᠵᠧᠨᠧᠷᠢᠩ  ᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠬᠢᠭᠤᠯᠵᠤ᠂ ᠮᠠᠯᠴᠢᠨ ᠲᠠᠷᠢᠶᠠᠴᠢᠨ ᠤ ᠠᠮᠤᠷ ᠲᠠᠶᠢᠪᠤᠩ ᠠᠵᠤ ᠲᠦᠷᠦᠭᠦ ᠠᠮᠢ ᠠᠬᠤᠢ ᠶᠢᠨ ᠭᠡᠷ ᠣᠷᠣᠨ ᠢ ᠴᠢᠷᠮᠠᠶᠢᠨ ᠪᠠᠶᠢᠭᠤᠯᠵᠤ᠂ ᠬᠥᠳᠡᠭᠡ ᠲᠣᠰᠬᠤᠨ ᠤ ᠡᠵᠡᠬᠦᠶᠢᠷᠡᠵᠦ ᠬᠤᠭᠤᠰᠤᠷᠠᠬᠤ ᠶᠢ ᠰᠡᠷᠭᠡᠶᠢᠯᠡᠨ᠂ ᠭᠠᠳᠠᠭᠰᠢ ᠭᠠᠷᠤᠭᠰᠠᠳ ᠢ ᠨᠤᠲᠤᠭ ᠲᠤᠨᠢ ᠢᠷᠡᠬᠦᠯᠬᠦ ᠪᠠᠷ ᠴᠢᠷᠮᠠᠶᠢᠨ᠎ᠠ᠃ 《 ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠬᠠᠷᠢᠭᠤᠴᠠᠭᠰᠠᠨ᠂ ᠪᠦᠬᠦ ᠨᠡᠶᠢᠭᠡᠮ ᠢᠶᠠᠷ ᠢᠶᠠᠨ ᠬᠠᠮᠵᠢᠯᠴᠠᠭᠰᠠᠨ᠂ ᠠᠷᠠᠳ ᠣᠯᠠᠨ ᠢᠶᠠᠷ ᠢᠶᠠᠨ ᠤᠷᠤᠯᠴᠠᠭᠰᠠᠨ᠂ ᠬᠠᠤᠯᠢ ᠲᠦᠷᠢᠮ ᠢᠶᠠᠷ ᠪᠠᠳᠤᠯᠠᠭᠰᠠᠨ 》 ᠣᠲᠣ ᠦᠶ᠎ᠡ ᠶᠢᠨ ᠨᠡᠶᠢᠭᠡᠮ ᠤᠨ ᠵᠠᠰᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠷᠭᠤ ᠵᠠᠭᠠᠯᠳᠤᠯᠭ᠎ᠠ ᠥᠬᠡᠶ ᠲᠣᠰᠬᠤᠨ ᠢ ᠰᠠᠶᠢᠰᠢᠶᠠᠨ ᠬᠦᠭᠢᠬᠦᠯᠬᠦ ᠡᠷᠴᠢᠮ ᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠮᠤᠷ ᠲᠣᠭᠲᠠᠭᠤᠨ᠂ ᠡᠶ᠎ᠡ ᠨᠠᠶᠢᠷᠠᠮᠳᠠᠭᠤ ᠬᠠᠮᠲᠤ ᠣᠷᠣᠰᠢᠬᠤ ᠶᠢ ᠠᠬᠢᠭᠤᠯᠤᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号