ᠵᠤᠤ ᠹᠧᠢ ᠫᠧᠩ ᠭᠤᠣᠯᠳᠠᠯᠭ᠎ᠠ ᠲᠠᠢ ᠠᠵᠢᠯ ᠤᠨ ᠠᠬᠢᠴᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/8
 6 ᠰᠠᠷ᠎ᠠ ᠶᠢᠨ 6 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ  ᠴᠢᠶᠠᠨ ᠶᠢᠨ ᠭᠧᠦ ᠪᠠᠯᠭᠠᠰᠤᠨ ᠤ ᠰᠢ  ᠫᠦᠸᠧ ᠲᠣᠰᠬᠤᠨ᠂ ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠂ ᠬᠤᠸᠠᠩ ᠲᠤ ᠺᠧᠩ ᠲᠣᠰᠬᠤᠨ᠂ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ᠂ ᠰᠠᠨ ᠶᠦᠩ ᠲᠣᠰᠬᠤᠨ᠂ ᠱᠠᠨ ᠴᠠ ᠺᠧᠦ ᠲᠣᠰᠬᠤᠨ᠂ ᠾᠧᠦ ᠹᠠᠩ ᠼᠦᠨ ᠲᠣᠰᠬᠤᠨ ᠳᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠶ ᠵᠣᠯᠭᠠᠭᠤᠯᠬᠤ ︽ᠡᠷᠬᠢᠨ ᠬᠠᠷᠠᠯᠳᠠ︾᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂  ᠵᠣᠷᠯᠣᠩ ᠤᠨ ᠦᠬᠡᠷᠡᠴᠢᠯᠡᠯᠳᠡ ᠵᠡᠷᠭᠡ ᠠᠵᠢᠯ ᠤᠨ ᠠᠬᠢᠴᠠ ᠶᠢ ᠪᠠᠶᠢᠴᠠᠭᠠᠨ ᠤᠶᠢᠯᠠᠭᠠᠵᠠᠢ᠃ ᠵᠣᠣ ᠹᠧᠢ ᠫᠧᠩ᠂ ᠬᠢᠵᠢᠭ  ᠰᠡᠷᠭᠡᠶᠢᠯᠡᠯᠳᠡ ᠶᠢᠨ ᠬᠥᠪᠴᠢ ᠶᠢ ᠴᠠᠭ ᠢᠮᠠᠭᠲᠠ ᠴᠢᠩᠭᠠᠯᠠᠵᠤ᠂ ᠲᠦᠭᠰᠢᠭᠦᠷᠢᠲᠡᠢ ᠭᠠᠵᠠᠷ ᠣᠷᠣᠨ ᠠᠴᠠ ᠢᠷᠡᠬᠦ ᠬᠥᠮᠥᠰ ᠤᠨ ᠪᠠᠶᠢᠴᠠᠭᠠᠯᠳᠠ ᠶᠢ ᠴᠢᠩᠭᠠᠳᠬᠠᠨ᠂ ᠪᠠᠴᠢᠮ ᠪᠠᠶᠢᠳᠠᠯ   ᠢ ᠠᠷᠭᠠᠴᠠᠬᠤ ᠪᠡᠯᠡᠳᠬᠡᠯ ᠠᠵᠢᠯ   ᠢ ᠰᠠᠶᠢᠨ ᠬᠢᠵᠦ᠂ ᠬᠢᠵᠢᠭ  ᠰᠡᠷᠭᠡᠶᠢᠯᠡᠯᠲᠡ   ᠶᠢᠨ ᠬᠠᠯᠬᠠᠪᠴᠢ ᠭᠡᠷᠡᠮ   ᠢ ᠪᠠᠲᠤ ᠴᠣᠭᠴᠠᠯᠠᠬᠤ ᠬᠡᠷᠡᠭᠲᠡᠢ᠃  ᠣᠷᠣᠰᠢᠨ  ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠦᠮᠡᠨ ᠢ ᠥᠷᠭᠡᠨ ᠢᠶᠠᠷ ᠳᠠᠶᠢᠴᠢᠯᠠᠨ  ᠣᠷᠴᠢᠨ ᠲᠣᠭᠤᠷᠢᠨ ᠤ ᠵᠠᠰᠠᠯᠳᠠ ᠶᠢᠨ ᠠᠵᠢᠯ ᠳᠤ ᠣᠷᠣᠯᠴᠠᠭᠤᠯᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠭᠠᠷᠭᠠᠬᠤ   ᠶᠢ  ᠬᠦᠳᠡᠭᠡ ᠲᠤᠰᠬᠤᠨ ᠤ ᠣᠷᠴᠢᠨ ᠲᠣᠭᠤᠷᠢᠨ   ᠤ ᠵᠠᠰᠠᠯᠳᠠ ᠲᠠᠢ ᠤᠶᠠᠯᠳᠤᠭᠤᠯᠤᠨ᠂   ᠤᠯᠠᠨ ᠲᠦᠮᠡᠨ ᠢ ᠵᠢᠯᠤᠭᠤᠳᠴᠤ ᠪᠠᠶᠢᠭᠠᠳ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠠᠶᠢᠭᠤᠯᠬᠤ ᠬᠡᠷᠡᠭᠲᠡᠢ᠃  ︽ᠡᠷᠬᠢᠨ ᠬᠠᠷᠠᠬᠤ︾  ᠠᠵᠢᠯ ᠤᠨ ᠱᠠᠭᠠᠷᠳᠠᠯᠭ᠎ᠠ ᠶᠣᠰᠣᠭᠠᠷ᠂  ᠠᠶᠢᠯ ᠡᠷᠦᠭᠡ ᠳᠤ ᠬᠦᠨᠵᠡᠬᠡᠶᠢᠷᠡᠨ ᠨᠠᠷᠢᠨ ᠪᠠᠶᠢᠴᠠᠭᠠᠯᠲᠠ ᠬᠢᠵᠦ᠂  ︽ᠤᠷᠤᠬᠤ ᠶᠣᠰᠣᠲᠠᠢ ᠶᠢ ᠪᠦᠬᠦᠨ ᠢ ᠤᠷᠤᠭᠤᠯᠬᠤ᠂  ᠨᠠᠷᠢᠯᠢᠭ ᠤᠨᠤᠪᠴᠢᠳᠠᠢ ᠢᠯᠭᠠᠨ ᠮᠠᠭᠠᠳᠯᠠᠬᠤ   ᠶᠢ ᠪᠡᠶᠡᠯᠡᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠳᠡ ᠪᠠ ᠬᠠᠪᠰᠤᠷᠤᠨ ᠲᠡᠳᠬᠦᠬᠦ ᠠᠵᠢᠯ ᠤᠨ ᠰᠢᠯᠭᠠᠯᠲᠠ ᠶᠢ ᠡᠷᠭᠡᠪᠰᠢ ᠳᠠᠭᠠᠭᠠᠵᠤ ᠭᠠᠷᠬᠤ ᠬᠡᠷᠡᠭᠲᠡᠢ᠃ ᠡᠬᠢ ᠪᠠᠶᠠᠯᠢᠭ᠂ ᠡᠳ᠋ ᠬᠥᠷᠥᠩᠭᠡ ᠶᠢᠨ ᠨᠡᠭᠡᠭᠡᠨ ᠠᠰᠢᠭᠯᠠᠯᠲᠠ ᠶᠢ ᠴᠢᠩᠭᠠᠳᠬᠠᠵᠤ᠂ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ  ᠠᠮᠢᠳᠤᠯᠢᠬᠵᠢᠭᠤᠯᠤᠨ᠂ ᠬᠥᠳᠡᠭᠡ ᠲᠣᠰᠬᠤᠨ ᠤ ᠪᠣᠳᠠᠲᠤ ᠪᠠᠶᠢᠳᠠᠯ ᠳᠤ ᠨᠡᠶᠢᠴᠡᠬᠦ ᠬᠠᠮᠲᠤ ᠶᠢᠨ ᠠᠵᠤ ᠠᠬᠤᠢ ᠶᠢᠨ ᠨᠡᠮᠡᠭᠳᠡᠯ ᠤᠨ ᠰᠢᠨ᠎ᠡ ᠠᠷᠭ᠎ᠠ ᠵᠠᠮ᠂ ᠰᠢᠨ᠎ᠡ ᠲᠤᠷᠠᠶᠢᠮ᠎ᠠ ᠴᠡᠭ ᠢ ᠴᠢᠷᠮᠠᠶᠢᠨ ᠡᠬᠦᠳᠬᠦ ᠬᠡᠷᠡᠭᠲᠡᠢ᠃ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠲᠦᠷᠦᠯ ᠵᠦᠢᠯ ᠤᠨ ᠪᠡᠯᠡ ᠮᠥᠩᠭᠦ ᠶᠢ ᠨᠡᠶᠢᠳᠬᠡᠨ  ᠬᠡᠷᠡᠭᠯᠡᠵᠦ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂  ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ  ᠪᠠᠶᠢᠭᠤᠯᠤᠯᠲᠠ ᠶᠢᠨ ᠡᠯ᠎ᠡ  ᠲᠦᠷᠦᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠵᠤ᠂ ᠬᠥᠭᠵᠢᠯᠲᠡ ᠶᠢᠨ ︽ᠢᠳᠡ ᠬᠦᠴᠦᠨ︾ ᠢ ᠭᠦᠢᠴᠡᠳ ᠪᠠᠳᠠᠷᠠᠭᠤᠯᠬᠤ ᠬᠡᠷᠡᠭᠲᠡᠢ ᠬᠡᠵᠦ  ᠴᠢᠬᠤᠯᠠᠴᠢᠯᠠᠭᠰᠠᠨ ᠪᠠᠶᠢᠨ᠎ᠠ᠃ ᠬᠤᠰᠢᠭᠤᠨ ᠤ ᠤᠳᠤᠷᠢᠳᠤᠯᠭ᠎ᠠ ᠸᠠᠩ ᠸᠧᠢ ᠬᠤᠩ᠂ ᠵᠣᠣ ᠬᠠᠢ ᠯᠢ᠂ ᠯᠢ ᠵᠠᠨ ᠪᠦᠦ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号