ᠵᠣᠣ ᠹᠧᠢ ᠫᠧᠩ᠂  ᠴᠧᠨ ᠶᠠᠨ ᠪᠦᠦ  ᠰᠢᠯᠭᠠᠯᠲᠠ ᠶᠢᠨ ᠲᠠᠯᠠᠪᠠᠢ ᠶᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2022/6/8
  6 ᠰᠠᠷ᠎ᠠ ᠶᠢᠨ 7 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ  ᠬᠤᠰᠢᠭᠤ ᠳᠠᠷᠤᠭ᠎ᠠ ᠴᠧᠨ ᠶᠠᠨ ᠪᠦᠦ  ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠵᠢᠯ ᠢ ᠲᠣᠭᠤᠷᠢᠨ ᠪᠠᠶᠢᠴᠠᠭᠠᠪᠠ᠃ ᠵᠣᠣ ᠹᠧᠢ ᠫᠧᠩ᠂ ᠴᠧᠨ ᠶᠠᠨ ᠪᠦᠦ ᠲᠣᠭᠤᠷᠢᠨ ᠪᠠᠶᠢᠴᠠᠭᠠᠬᠤ ᠳᠠᠭᠠᠨ ᠰᠢᠯᠭᠠᠯᠲᠠ ᠶᠢᠨ ᠰᠠᠬᠢᠯᠭ᠎ᠠ ᠪᠠᠲᠤ᠂ ᠪᠠᠳᠤᠯᠠᠭᠠᠨ ᠤ ᠠᠷᠭ᠎ᠠ ᠬᠡᠮᠵᠢᠶ᠎ᠡ᠂ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ   ᠢ  ᠤᠶᠢᠯᠠᠭᠠᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠡᠯ᠎ᠡ ᠲᠦᠷᠦᠯ ᠤᠨ ᠠᠷᠭ᠎ᠠ ᠬᠡᠮᠵᠢᠶ᠎ᠡ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠯᠭᠠᠯᠲᠠ ᠶᠢᠨ ᠠᠵᠢᠯ ᠢ ᠦᠨᠡᠨ ᠬᠦ ᠰᠠᠶᠢᠲᠤᠷ ᠠᠳᠬᠤᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠲᠥᠷᠥᠯ ᠤᠨ ᠠᠷᠭ᠎ᠠ ᠲᠦᠰᠦᠪ ᠢ ᠨᠠᠷᠢᠯᠢᠬᠵᠢᠭᠤᠯᠤᠨ᠂ ᠰᠢᠯᠭᠠᠯᠲᠠ ᠶᠢᠨ ᠬᠤᠭᠤᠴᠠᠭᠠᠨ ᠳᠤ ᠶᠠᠮᠠᠷ ᠴᠤ  ᠤᠰᠤᠯ ᠠᠳᠡᠯ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃  ᠡᠬᠦᠨ ᠤ ᠬᠠᠮᠳᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠲᠦᠷᠦᠯ ᠤᠨ ᠠᠷᠭ᠎ᠠ ᠬᠡᠮᠵᠢᠶ᠎ᠡ ᠶᠢ ᠴᠢᠩᠭ᠎ᠠ  ᠨᠠᠶᠢᠳᠠᠪᠤᠷᠢᠵᠢᠭᠤᠯᠤᠨ᠂ ᠬᠢᠵᠢᠭ  ᠰᠡᠷᠭᠡᠶᠢᠯᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠵᠠᠮ ᠬᠠᠷᠢᠯᠴᠠᠭ᠎ᠠ᠂ ᠬᠢᠵᠢᠭ ᠰᠡᠷᠭᠡᠶᠢᠯᠡᠯᠳᠡ᠂ ᠡᠷᠡᠭᠦᠯ ᠬᠠᠮᠠᠭᠠᠯᠠᠯ᠂ ᠠᠮᠤᠷ ᠲᠦᠪᠰᠢᠨ ᠵᠡᠷᠭᠡ ᠠᠷᠤ ᠲᠠᠯ᠎ᠠ ᠶᠢᠨ  ᠪᠠᠳᠤᠯᠠᠭᠠᠨ ᠤ ᠠᠵᠢᠯ ᠢ ᠪᠥᠬᠦ ᠬᠦᠴᠦᠨ ᠢᠶᠠᠷ ᠰᠠᠶᠢᠨ ᠠᠳᠬᠤᠵᠤ᠂  ᠰᠤᠷᠤᠭᠴᠢᠳ ᠲᠤ  ᠠᠮᠤᠷ ᠲᠦᠪᠰᠢᠨ ᠰᠢᠯᠭᠠᠯᠲᠠ ᠶᠢᠨ ᠣᠷᠴᠢᠨ ᠨᠦᠬᠦᠴᠡᠯ ᠢ ᠬᠠᠩᠭᠠᠨ᠂  ᠰᠤᠷᠤᠭᠴᠢᠳ᠂ ᠭᠡᠷ ᠤᠨ ᠠᠬᠠᠮᠠᠳ ᠬᠢᠭᠡᠳ ᠨᠡᠶᠢᠭᠡᠮ ᠨᠡᠶᠢᠲᠡ ᠢ ᠰᠡᠳᠬᠢᠯ ᠠᠮᠤᠷ ᠪᠠᠶᠢᠯᠭᠠᠵᠤ᠂ 2022 ᠣᠨ ᠤ  ︽ᠨᠢᠭᠡᠳᠦᠯᠲᠡᠢ ᠰᠢᠯᠭᠠᠯᠲᠠ︾ ᠶᠢᠨ ᠤᠷᠤᠭᠰᠢᠲᠠᠢ ᠶᠠᠪᠤᠭᠳᠠᠬᠤ ᠶᠢ  ᠦᠨᠡᠨᠬᠦ ᠪᠠᠳᠤᠯᠠᠬᠤ ᠭᠡᠷᠡᠭᠳᠡᠢ ᠬᠡᠵᠦ ᠴᠢᠬᠤᠯᠠᠴᠢᠯᠠᠵᠠᠢ᠃ ᠬᠤᠰᠢᠭᠤᠨ ᠤ ᠤᠳᠤᠷᠢᠳᠤᠯᠭ᠎ᠠ  ᠰᠢᠶᠧ ᠶᠢᠨ ᠳ᠋ᠦᠩ᠂ ᠸᠠᠩ ᠵᠢᠦᠢ ᠰᠢ᠂  ᠡᠷᠳᠡᠨᠢᠪᠠᠭᠠᠳᠤᠷ ᠲᠣᠭᠤᠷᠢᠨ  ᠪᠠᠶᠢᠴᠠᠭᠠᠬᠤ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号