ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠳᠤᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠨ᠎ᠡ
ᠨᠡᠶᠢᠲᠡᠯᠡᠭᠰᠡᠨ ᠴᠠᠭ᠄
2022/6/8
 ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂  ᠡᠳ᠋ ᠪᠠᠷᠠᠭᠠᠨ ᠤ ᠲᠡᠭᠡᠭᠡᠪᠦᠷᠢ   ᠶᠢ  ᠰᠠᠭᠠᠳ ᠦᠭᠡᠢ ᠵᠣᠬᠢᠴᠠᠭᠤᠯᠤᠨ ᠨᠠᠪᠲᠠᠷᠡᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠭᠤᠣᠯᠯᠠᠭᠴᠢ ᠠᠵᠤ ᠠᠬᠤᠶᠢᠯᠠᠯ ᠳᠤ ᠲᠦᠰᠢᠭᠯᠡᠨ᠂  ᠪᠠᠷᠠᠭᠠᠨ ᠤ ᠢᠷᠡᠯᠲᠡ ᠶᠢᠨ ᠠᠷᠭ᠎ᠠ ᠵᠠᠮ ᠢ ᠥᠷᠭᠡᠳᠬᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠪᠠᠶᠢᠨ᠎ᠠ᠃ ᠣᠳᠣᠬᠠᠨ ᠳᠤ᠂  ᠴᠢᠤᠸᠠᠨ ᠵᠢᠶᠠ ᠹᠦ᠋᠂ ᠸᠠᠨ ᠺᠧ ᠯᠦᠩ᠂ ᠹᠦ᠋ ᠮᠠᠨ ᠵᠢᠶᠠ ᠵᠡᠷᠭᠡ ᠲᠣᠮᠣ ᠬᠡᠯᠪᠡᠷᠢ ᠶᠢᠨ ᠴᠢᠯᠦᠬᠡᠳᠦ ᠳᠡᠯᠭᠡᠭᠦᠷ ᠤᠨ  ᠭᠤᠯᠢᠷ᠂ ᠪᠤᠳᠠᠭ᠎ᠠ᠂ ᠲᠣᠰᠣ᠂ ᠮᠢᠬ᠎ᠠ᠂ ᠥᠨᠳᠡᠭᠡ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡ ᠭᠦᠢᠴᠡᠳ ᠪᠠᠶᠢᠵᠤ᠂  ᠨᠣᠭᠤᠭ᠎ᠠ ᠵᠢᠮᠢᠰ ᠮᠡᠳᠦ ᠶᠢᠨ ᠰᠢᠨ᠎ᠡ ᠰᠣᠷᠭᠤᠭ ᠪᠦᠲᠦᠭᠡᠭᠳᠡᠬᠦᠨ ᠤ ᠪᠠᠷᠠᠭ᠎ᠠ ᠣᠷᠣᠭᠤᠯᠬᠤ ᠵᠠᠮ ᠲᠣᠭᠲᠠᠭᠤᠨ᠂ ᠲᠥᠷᠥᠯ ᠵᠦᠢᠯ ᠡᠯᠪᠡᠭ ᠲᠡᠯᠪᠡᠭ  ᠪᠠᠶᠢᠭ᠎ᠠ᠃  ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠤ ᠪᠦᠷᠢᠳᠬᠡᠭᠰᠡᠨ ᠢᠶᠠᠷ᠂ 6 ᠰᠠᠷ᠎ᠠ ᠶᠢᠨ 7 ᠤ ᠡᠳᠦᠷ ᠤᠨ 20 ᠴᠠᠭ ᠪᠣᠯᠲᠠᠯ᠎ᠠ ᠲᠤᠰ ᠬᠤᠰᠢᠭᠤᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢ ᠪᠠᠳᠤᠯᠠᠬᠤ 5 ᠡᠷᠦᠬᠡ ᠠᠵᠤ ᠠᠬᠤᠶᠢᠯᠠᠯ ︵ᠲᠣᠮᠣ ᠬᠡᠯᠪᠡᠷᠢ ᠶᠢᠨ ᠴᠢᠯᠦᠬᠡᠳᠦ ᠳᠡᠯᠭᠡᠭᠦᠷ︶ ᠨᠢ  9.02 ᠲᠣᠨ ᠴᠠᠭᠠᠨ ᠪᠤᠳᠠᠭ᠎ᠠ᠂  8.1 ᠲᠣᠨ ᠭᠤᠯᠢᠷ᠂  7.43 ᠲᠣᠨ ᠢᠳᠡᠰᠢᠨ ᠲᠣᠰᠣ᠂  8.14 ᠲᠣᠨ ᠮᠢᠬᠠᠨ ᠤ ᠵᠦᠢᠯ᠂ 5.99 ᠲᠣᠨ ᠲᠠᠬᠢᠶᠠᠨ ᠥᠨᠳᠡᠭᠡ᠂  8.43 ᠲᠣᠨ ᠢᠳᠡᠰᠢᠨ ᠨᠣᠭᠤᠭ᠎ᠠ᠂ 7.31 ᠲᠣᠨ ᠦᠨᠢᠶᠡᠨ ᠰᠦ  ᠂  10.76 ᠲᠣᠨ ᠲᠦᠬᠦᠮ ᠢᠳᠡᠭᠡᠨ  ᠬᠠᠳᠠᠭᠠᠯᠠᠵᠤ ᠪᠠᠶᠢᠨ᠎ᠠ᠃  ᠡᠬᠦᠨ ᠤ ᠬᠠᠮᠳᠤ  ᠂ ᠪᠤᠰᠤᠳ 15 ᠡᠷᠦᠬᠡ  ᠪᠥᠭᠡᠮ ᠢᠶᠠᠷ ᠬᠤᠳᠠᠯᠳᠤᠬᠤ ᠳᠡᠯᠭᠡᠭᠦᠷ ᠲᠤ ᠨᠡᠶᠢᠲᠡ 258 ᠲᠣᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠢ ᠬᠠᠳᠠᠭᠠᠯᠠᠵᠤ ᠪᠣᠶ᠃     ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠤ ᠳᠠᠷᠤᠭ᠎ᠠ ᠷᠧᠨ ᠸᠧᠢ ᠸᠧᠢ᠄ ᠥᠴᠥᠭᠡᠳᠦᠷ ᠤᠨ ᠦᠳᠡ ᠶᠢᠨ ᠬᠤᠶᠢᠨ᠎ᠠ ᠠᠴᠠ ᠡᠬᠢᠯᠡᠭᠡᠳ ᠪᠢᠳᠡ ᠬᠤᠰᠢᠭᠤᠨ ᠤ ᠪᠠᠨ 5 ᠡᠷᠦᠬᠡ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠭᠤᠯᠢᠷ᠂ ᠪᠤᠳᠠᠭ᠎ᠠ᠂ ᠲᠣᠰᠣ᠂ ᠮᠢᠬ᠎ᠠ᠂ ᠥᠨᠳᠡᠭᠡ᠂ ᠰᠦ᠂ ᠵᠢᠮᠢᠰ᠂ ᠨᠣᠭᠤᠭ᠎ᠠ ᠵᠡᠷᠭᠡ ᠡᠯ᠎ᠡ ᠲᠥᠷᠥᠯ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ  ᠵᠦᠢᠯ ᠢ ᠨᠡᠶᠢᠲᠡ 37 ᠲᠣᠨ   ᠲᠡᠭᠡᠭᠡᠪᠦᠷᠢᠯᠡᠨ ᠤᠷᠤᠭᠤᠯᠵᠠᠢ᠂ ᠥᠨᠥᠳᠥᠷ ᠪᠠᠰᠠ ᠠᠳᠠᠯᠢ ᠪᠤᠰᠤ ᠪᠠᠷᠠᠭᠠᠨ ᠤ ᠵᠦᠢᠯ ᠢ ᠤᠷᠤᠭᠤᠯᠵᠤ ᠪᠠᠶᠢᠨ᠎ᠠ᠂ ᠣᠲᠣ ᠪᠣᠯᠲᠠᠯ᠎ᠠ ᠮᠠᠨ ᠤ ᠬᠤᠰᠢᠭᠤᠨ ᠤ ᠡᠯ᠎ᠡ ᠲᠣᠮᠣ  ᠴᠢᠯᠦᠬᠡᠳᠦ ᠳᠡᠯᠭᠡᠭᠦᠷ ᠲᠤ ᠠᠮᠢᠳᠤᠷᠠᠯ ᠤᠨ ᠴᠢᠬᠤᠯᠠ ᠬᠡᠷᠡᠭᠴᠡᠭᠡᠨ ᠤ  ᠵᠦᠢᠯ ᠤᠨ ᠢᠷᠡᠯᠲᠡ ᠭᠦᠢᠴᠡᠳ ᠲᠥᠷᠥᠯ ᠪᠦᠷᠢᠨ ᠪᠠᠶᠢᠭ᠎ᠠ᠂ ᠠᠳᠡ ᠪᠠᠰᠠ  ᠮᠦᠩᠬᠦ ᠵᠤᠭᠤᠰ ᠢᠶᠠᠨ ᠤᠬᠠᠭᠠᠯᠢᠭ ᠢᠶᠠᠷ ᠭᠡᠷᠡᠭᠯᠡᠵᠦ᠂  ᠪᠠᠷᠠᠭ᠎ᠠ ᠲᠠᠸᠠᠷ ᠢ  ᠭᠡᠷᠡᠭᠯᠡᠭᠡ ᠳᠡᠭᠡᠨ ᠲᠤᠬᠢᠷᠠᠭᠤᠯᠤᠨ ᠬᠡᠮᠵᠢᠶ᠎ᠡ ᠲᠠᠢ ᠬᠤᠳᠠᠯᠳᠤᠨ ᠠᠪᠬᠤ ᠪᠤᠯᠪᠠᠤ ᠬᠡᠵᠦ ᠠᠷᠠᠳ ᠢᠷᠭᠡᠳ ᠲᠡᠭᠡᠨ ᠰᠠᠨᠠᠭᠤᠯᠤᠶ᠎ᠠ︾᠃    ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠬᠢᠨᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂  ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠤᠨ ᠪᠠᠷᠠᠭ᠎ᠠ ᠲᠡᠭᠡᠭᠡᠪᠦᠷᠢᠯᠡᠬᠦ ᠵᠠᠮ ᠮᠥᠷ ᠢ ᠰᠠᠭᠠᠳ ᠦᠭᠡᠢ ᠨᠡᠪᠳᠡᠷᠡᠬᠦᠯᠦᠨ᠂  ᠲᠡᠭᠡᠭᠡᠪᠦᠷᠢᠯᠡᠨ ᠤᠷᠤᠭᠤᠯᠬᠤ ᠪᠠ ᠲᠣᠬᠢᠷᠠᠭᠤᠯᠤᠨ ᠬᠦᠷᠭᠡᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂  ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠳᠤᠯᠠᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号