ᠰᠠᠶᠢᠨ ᠳᠤᠷ᠎ᠠ ᠶᠢᠨ ᠦᠢᠯᠡᠴᠢᠯᠡᠭᠴᠢ ᠡᠯᠰᠡᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/6/8
ᠪᠤᠤᠴᠠᠩ  ᠪᠠᠯᠭᠠᠰᠤᠨ ᠤ ᠥᠷᠭᠡᠨ ᠤᠯᠠᠨ ᠬᠤᠳᠠᠯᠳᠤᠭᠠᠴᠢᠨ ᠡᠷᠦᠬᠡ ᠳᠤ᠄     ᠬᠢᠵᠢᠭ ᠤᠨ ᠪᠠᠶᠢᠳᠠᠯ ᠢ ᠬᠠᠮᠲᠤ ᠪᠠᠷ ᠰᠡᠷᠭᠡᠶᠢᠯᠡᠨ ᠡᠵᠡᠮᠳᠡᠵᠦ᠂ ︽ᠨᠡᠮᠡᠷᠢ ᠬᠠᠨᠳᠢᠪᠯᠠᠬᠤ᠂ ᠨᠥᠬᠦᠷᠰᠡᠭ ᠪᠠᠶᠢᠬᠤ ᠂ ᠬᠠᠷᠢᠯᠴᠠᠨ ᠬᠠᠪᠰᠤᠷᠤᠯᠴᠠᠬᠤ᠂  ᠤᠷᠤᠭᠰᠢᠯᠠᠨ ᠳᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠪᠤᠤᠴᠠᠩ ᠪᠠᠯᠭᠠᠰᠤᠨ ᠤ ᠬᠤᠳᠠᠯᠳᠤᠭᠠᠴᠢᠨ ᠡᠷᠦᠬᠡ᠂  ᠪᠠᠶᠢᠰᠢᠩᠳᠤ ᠲᠣᠭᠤᠷᠢᠭ ᠤᠨ ᠬᠢᠵᠢᠭ  ᠰᠡᠷᠭᠡᠶᠢᠯᠡᠬᠦ ᠠᠵᠢᠯ ᠢ ᠬᠢᠨᠠᠮᠠᠭᠠᠢ ᠰᠠᠶᠢᠨ ᠬᠢᠬᠦ ᠶᠢᠨ ᠲᠥᠯᠥᠭᠡ᠂  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠳᠤᠷᠠᠵᠤ᠂ ᠬᠤᠳᠠᠯᠳᠤᠭᠠᠴᠢᠨ ᠡᠷᠦᠬᠡ ᠪᠠᠷ ᠪᠦᠷᠢᠯᠳᠦᠭᠰᠡᠡ ᠬᠢᠵᠢᠭ  ᠰᠡᠷᠭᠡᠶᠢᠯᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ  ᠪᠠᠶᠢᠭᠤᠯᠬᠤ ᠪᠠᠷ  ᠪᠤᠯᠤᠭᠠᠳ ᠡᠨᠡᠬᠦ ᠰᠠᠨᠠᠭᠠᠴᠢᠯᠠᠭ᠎ᠠ ᠶᠢ ᠲᠤᠷᠠᠳᠴᠤ ᠪᠠᠶᠢᠨᠠᠮ᠃       ᠨᠢᠭᠡ᠂  ᠡᠯᠰᠡᠬᠦ ᠨᠥᠬᠦᠴᠡᠯ    1. ᠦᠵᠡᠯ ᠰᠠᠨᠠᠭ᠎ᠠ ᠤᠯᠤᠰ ᠲᠤᠶᠢᠷᠦ ᠶᠢᠨ ᠲᠠᠯ᠎ᠠ ᠪᠠᠷ ᠡᠷᠡᠰ ᠪᠠᠲᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ᠂ ᠵᠣᠪᠠᠭᠤᠷᠢ ᠵᠦᠳᠡᠭᠦᠷᠢ ᠳᠤ ᠲᠡᠰᠪᠦᠷᠢ ᠲᠠᠢ᠂ ᠬᠠᠷᠢᠭᠤᠴᠠᠯᠭᠠᠲᠤ ᠤᠬᠠᠮᠰᠠᠷ  ᠢᠶᠠᠷ ᠴᠢᠩᠭ᠎ᠠ᠂  ᠬᠠᠷᠢᠯᠴᠠᠭᠠᠨ ᠤ ᠴᠢᠳᠠᠪᠤᠷᠢ ᠪᠠᠷ ᠰᠠᠶᠢᠨ  ᠪᠠᠶᠢᠬᠤ᠃    2.  ᠪᠡᠶ᠎ᠡ ᠮᠠᠬᠠᠪᠤᠳ ᠡᠷᠡᠭᠦᠯ ᠴᠢᠭᠢᠷᠠᠭ᠂ ᠬᠦᠨᠳᠦ ᠶᠡᠭᠡ ᠡᠪᠡᠳᠴᠢᠨ ᠡᠮᠭᠡᠭ ᠦᠭᠡᠢ᠂ ᠣᠶᠢᠷ᠎ᠠ ᠶᠢᠨ ᠬᠤᠶᠠᠷ ᠭᠠᠷᠠᠭ ᠤᠨ ᠳᠣᠲᠣᠷ᠎ᠠ ᠬᠢᠮᠤᠷᠠᠬᠤ᠂ ᠬᠠᠨᠢᠶᠠᠬᠤ᠂ ᠬᠠᠯᠠᠭᠤᠷᠠᠬᠤ ᠵᠡᠷᠭᠡ ᠪᠠᠶᠢᠳᠠᠯ ᠦᠭᠡᠢ᠂ ᠣᠶᠢᠷ᠎ᠠ ᠶᠢᠨ ᠬᠤᠶᠠᠷ ᠭᠠᠷᠠᠭ ᠤᠨ ᠳᠣᠲᠣᠷ᠎ᠠ ᠳᠤᠮᠳᠠ ᠦᠨᠳᠦᠷ ᠲᠡᠰ ᠤᠨ ᠲᠦᠭᠰᠢᠬᠦᠷᠢᠳᠦ ᠣᠷᠣᠨ ᠳᠤ ᠣᠴᠢᠵᠤ ᠥᠩᠭᠡᠷᠡᠭᠰᠡᠨ ᠦᠭᠡᠢ᠂  ᠲᠦᠭᠰᠢᠬᠦᠷᠢᠳᠦ ᠣᠷᠣᠨ ᠤ ᠬᠥᠮᠥᠰ ᠲᠠᠢ ᠤᠶᠢᠷᠠᠳᠴᠤ ᠥᠩᠭᠡᠷᠡᠭᠰᠡᠨ ᠦᠭᠡᠢ᠂ ᠪᠦᠬᠦᠯᠢ 18 ᠠᠴᠠ 50 ᠨᠠᠰᠤᠨ ᠤ ᠬᠦᠮᠦᠰ᠃    3. ᠰᠠᠬᠢᠯᠭ᠎ᠠ ᠪᠠᠲᠤ ᠶᠢᠨ ᠤᠬᠠᠮᠰᠠᠷ ᠢᠶᠠᠷ ᠴᠢᠩᠭ᠎ᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠣᠬᠢᠷᠠᠭᠤᠯᠤᠯᠲᠠ ᠶᠢ ᠳᠠᠭᠠᠬᠤ ᠬᠡᠷᠡᠭᠲᠡᠢ᠃    4.  ᠡᠯᠰᠡᠬᠦ ᠬᠦᠷᠢᠶ᠎ᠡ ᠬᠡᠪᠴᠢᠶ᠎ᠡ ᠨᠢ ᠪᠤᠤᠴᠠᠩ ᠪᠠᠯᠭᠠᠰᠤᠨ ᠤ ᠵᠡᠭᠡᠯᠢ ᠲᠠᠭᠠᠤ ᠳᠠᠬᠢ  ᠪᠦᠬᠦᠶᠢᠯᠡ ᠬᠤᠳᠠᠯᠳᠤᠭᠠᠴᠢᠨ ᠡᠷᠦᠬᠡ᠃    ᠬᠤᠶᠠᠷ᠂  ᠦᠢᠯᠡᠴᠢᠯᠡᠭᠡᠨ ᠤ ᠠᠭᠤᠯᠭ᠎ᠠ   ᠨᠡᠶᠢᠭᠡᠮ ᠲᠣᠭᠤᠷᠢᠭ ᠲᠠᠢ ᠬᠠᠮᠵᠢᠯᠴᠠᠨ ᠪᠥᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠳᠠ ᠶᠢᠨ ᠡᠯ᠎ᠡ ᠲᠦᠷᠦᠯ ᠤᠨ ᠦᠢᠯᠡᠴᠢᠯᠡᠭᠡᠨ ᠤ ᠠᠵᠢᠯ ᠢ ᠬᠢᠵᠦ᠂ ᠬᠤᠳᠠᠯᠳᠤᠭᠠᠴᠢᠨ ᠡᠷᠦᠬᠡ᠂  ᠪᠠᠶᠢᠰᠢᠩᠳᠤ ᠲᠣᠭᠤᠷᠢᠭ ᠤᠨ ᠬᠢᠵᠢᠭ  ᠰᠡᠷᠭᠡᠶᠢᠯᠡᠬᠦ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ  ᠵᠡᠷᠭᠡ ᠶᠢ ᠬᠠᠮᠵᠢᠯᠴᠠᠨ ᠪᠡᠶᠡᠯᠡᠬᠦᠯᠦᠨ᠎ᠡ᠃    ᠭᠤᠷᠪᠠ᠂ ᠨᠡᠷ᠎ᠡ ᠮᠡᠳᠡᠭᠦᠯᠬᠦ ᠠᠷᠭ᠎ᠠ    ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠨᠢᠭᠡᠳᠦᠭᠡᠷ ᠳᠠᠪᠬᠤᠷᠯᠢᠭ     ᠬᠠᠷᠢᠯᠴᠠᠬᠤ ᠬᠥᠮᠥᠨ᠄ ᠪᠥᠸᠧ ᠸᠧᠨ ᠶᠠᠨ᠂ ᠬᠠᠷᠢᠯᠴᠠᠬᠤ ᠤᠲᠠᠰᠤ 15248089725᠃                                                           ᠲᠠᠶᠢᠹᠤᠰᠧ  ᠬᠤᠰᠢᠭᠤᠨ  ᠤ  ᠨᠠᠮ   ᠤᠨ  ᠬᠤᠷᠢᠶᠠᠨ  ᠤ  ᠵᠣᠬᠢᠶᠠᠨ  ᠪᠠᠶᠢᠭᠤᠯᠬᠤ  ᠬᠡᠯᠲᠡᠰ     ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                  2022 ᠣᠨ ᠤ 6 ᠰᠠᠷ᠎ᠠ ᠶᠢᠨ8 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号