ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠬᠦᠳ ᠲᠤ ᠥᠭᠭᠦᠭᠰᠡᠨ ︽7.1︾ ᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/7/1
ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠬᠦᠳ ᠲᠤ᠄      ᠲᠠᠩᠰᠤᠭ ᠵᠤᠨ ᠤ ᠨᠠᠶᠢᠷᠰᠠᠭ ᠤᠯᠠᠷᠢᠯ ᠳᠤ ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ  ᠢᠶᠠᠨ ᠲᠦᠷᠦᠭᠰᠡᠨ ᠡᠳᠦᠷ ᠢ  ᠪᠠᠶᠠᠷᠯᠠᠨ ᠤᠭᠲᠤᠬᠤ ᠲᠠᠰᠢᠷᠠᠮ ᠢᠶᠠᠷ  ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠬᠦᠳ ᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂  ᠠᠳᠡ ᠪᠢᠳᠡ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠬᠦᠳ ᠲᠤ ᠵᠤᠷᠢᠭᠤᠯᠵᠤ  ᠂ ᠡᠨᠡᠬᠦ ᠰᠠᠨᠠᠭᠠᠴᠢᠯᠠᠭ᠎ᠠ ᠶᠢ  ᠲᠤᠷᠠᠳᠴᠤ ᠪᠠᠶᠢᠨᠠᠮ᠃      ᠬᠦᠰᠡᠯᠡᠩ ᠢᠲᠡᠭᠡᠯ ᠪᠢᠰᠢᠷᠡᠯ ᠢᠶᠠᠨ ᠴᠢᠩᠭᠠᠳᠬᠠᠵᠤ᠂ ᠠᠭᠤᠤ ᠶᠡᠭᠡ ᠰᠡᠷᠭᠦᠨ ᠮᠠᠨᠳᠤᠯᠲᠠ ᠳᠤ ︽ᠪᠠᠲᠤ ᠴᠢᠩᠭ᠎ᠠ ᠬᠦᠴᠦᠨ︾  ᠬᠤᠷᠠᠮᠳᠤᠭᠤᠯᠤᠶ᠎ᠠ᠃ ᠵᠠᠭᠤᠨ ᠵᠢᠯ ᠤᠨ ᠠᠶᠠᠨ ᠵᠠᠮ ᠳᠤ ᠵᠠᠭᠤᠨ ᠵᠦᠢᠯ ᠤᠨ ᠬᠦᠴᠢᠷ ᠲᠣᠬᠢᠶᠠᠯᠳᠤᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠬᠦᠳ ᠡᠷᠭᠡᠪᠰᠢ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ  ᠪᠡᠶᠡᠯᠡᠭᠦᠯᠵᠦ᠂  ᠶᠡᠷᠦᠩᠬᠡᠢ ᠱᠦᠵᠢ ᠰᠢ ᠶᠢᠨ ᠫᠢᠩ ᠤᠨ ︽ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠨᠠᠮ ᠤᠨ ᠭᠡᠰᠢᠭᠦᠨ ᠤ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠲᠠᠶᠢᠴᠢᠯᠠᠨ᠂ ᠨᠠᠮ ᠤᠨ ᠭᠡᠰᠢᠭᠦᠨ ᠤ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠶᠢ ᠦᠨᠡᠨᠬᠦ ᠴᠢᠩᠭᠠᠳᠬᠠᠬᠤ ᠬᠡᠷᠡᠭᠲᠡᠢ᠃ ᠨᠠᠮ ᠤᠨ ᠲᠦᠷᠦᠭᠰᠡᠨ ᠡᠳᠦᠷ ᠤᠨ ᠪᠠᠶᠠᠷ ᠢ ᠦᠪᠡᠳᠡᠭᠰᠢ ᠰᠠᠶᠢᠬᠠᠨ ᠡᠷᠬᠢᠯᠡᠵᠤ᠂  ᠠᠬᠠᠮᠠᠳ ᠨᠠᠮ ᠤᠨ ᠭᠡᠰᠢᠭᠦᠨ ᠳᠤ ︽ᠨᠠᠮ ᠳᠤ ᠤᠷᠤᠭᠰᠠᠨ 50 ᠵᠢᠯ︾   ᠤᠨ ᠳᠤᠷᠠᠰᠬᠠᠯ ᠤᠨ ᠲᠡᠮᠳᠡᠭ ᠣᠯᠭᠤᠬᠤ ᠵᠡᠷᠭᠡ ᠠᠵᠢᠯᠯᠠᠭ᠎ᠠ ᠶᠢ ᠰᠠᠶᠢᠲᠤᠷ ᠦᠷᠨᠢᠬᠦᠯᠬᠦ ᠭᠡᠷᠡᠭᠳᠡᠢ᠃  ᠤᠳᠤᠬᠢᠴᠢᠯᠠᠭᠰᠠᠨ ᠪᠠᠶᠢᠭᠤᠯᠤᠯᠳᠠ ᠶᠢᠨ ᠰᠢᠨ᠎ᠡ ᠠᠶᠠᠨ ᠵᠠᠮ ᠳᠤ᠂ ᠪᠦᠯᠬᠦᠮᠳᠡᠨ ᠲᠡᠮᠡᠴᠡᠬᠦ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂   ᠴᠤᠴᠠᠯᠲᠠ ᠦᠭᠡᠢ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ  ᠃     ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠷᠢᠮᠳᠠᠯᠠᠵᠤ᠂ ᠤᠯᠠᠨ ᠲᠦᠮᠡᠨ ᠳᠤ ᠦᠢᠯᠡᠴᠢᠯᠡᠬᠦ  ᠳᠤ ︽ ᠬᠤᠪᠢ ᠨᠡᠮᠡᠷᠢ ᠶᠢᠨ ᠰᠡᠳᠬᠢᠯ︾ ᠢ  ᠨᠢᠬᠳᠠᠷᠠᠭᠤᠯᠤᠶ᠎ᠠ᠃ ᠶᠡᠷᠦᠩᠬᠡᠢ ᠱᠦᠵᠢ ᠰᠢ ᠶᠢᠨ ᠫᠢᠩ  ᠄ ︽ᠮᠠᠨ ᠤ ᠨᠠᠮ ᠤᠨ ᠵᠠᠭᠤᠨ ᠵᠢᠯ ᠤᠨ ᠲᠡᠦᠬᠡ ᠪᠣᠯ ᠳᠠᠷᠤᠢ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠭᠰᠡᠨ ᠲᠡᠦᠬᠡ  ᠂ ᠨᠠᠮ ᠪᠠ ᠠᠷᠠᠳ ᠲᠦᠮᠡᠨ ᠤ ᠰᠡᠳᠬᠢᠯ ᠵᠢᠷᠦᠬᠡ ᠪᠠᠨ ᠬᠤᠯᠪᠣᠵᠤ᠂ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠲᠡᠦᠬᠡ ᠮᠥᠨ︾ ᠭᠡᠵᠦ  ᠵᠢᠭᠠᠨ ᠭᠠᠷᠭᠠᠭᠰᠠᠨ ᠪᠠᠶᠢᠨ᠎ᠠ᠃ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠰᠢᠨ᠎ᠡ ᠠᠶᠠᠨ ᠵᠠᠮ ᠳᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠡᠷᠭᠡᠪᠰᠢ ︽ᠬᠤᠶᠠᠷ ᠬᠠᠯᠬᠠᠪᠴᠢ︾᠂ ︽ᠨᠢᠭᠡ ᠪᠠᠬᠢᠯᠡᠯᠲᠡ︾ ᠶᠢ ᠪᠠᠶᠢᠭᠤᠯᠬᠤ ᠱᠠᠭᠠᠷᠳᠠᠯᠭ᠎ᠠ ᠶᠢᠨ ᠲᠣᠭᠤᠷᠢᠨ ᠳᠤ᠂ ᠭᠤᠣᠯ ᠰᠢᠪᠲᠤᠯᠬᠤ ᠴᠢᠭᠯᠡᠯ ᠢ ᠣᠨᠢᠯᠠᠵᠤ᠂ ᠭᠤᠣᠯᠳᠠᠯᠭ᠎ᠠ ᠲᠠᠢ ᠡᠭᠦᠷᠭᠡ ᠶᠢ ᠠᠳᠬᠤᠨ᠂  ᠪᠤᠭᠤᠮᠳᠠ ᠰᠢᠪᠳᠤᠯᠬᠤ ᠲᠡᠭᠡᠷ᠎ᠡ ᠦᠷᠭᠦᠯᠵᠢᠯᠡᠨ ᠬᠦᠴᠦᠯᠡᠵᠤ᠂ ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠭᠠᠷᠤᠯ ᠢᠶᠠᠨ ᠢᠯᠡᠷᠡᠬᠦᠯᠦᠨ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠡᠷᠡᠰ ᠵᠣᠷᠢᠭ ᠲᠠᠢ ᠪᠠᠶᠢᠬᠤ ᠬᠡᠷᠡᠭᠲᠡᠢ᠃ ︽ᠬᠤᠪᠢ ᠨᠡᠮᠡᠷᠢ ᠦᠵᠡᠭᠦᠯᠬᠦ︾ ᠶᠢ ᠠᠮᠢᠳᠤᠷᠠᠯ ᠤᠨ ᠬᠥᠭᠡᠭᠡᠴᠡᠯᠳᠦᠯ ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠲᠤ  ᠴᠡᠭᠡᠵᠢᠯᠡᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠵᠣᠷᠢᠭᠲᠠᠢ ᠪᠠᠷ ᠪᠡᠶ᠎ᠡ ᠶᠢᠨ ᠭᠠᠷᠤᠯ ᠢᠶᠠᠨ ᠲᠤᠳᠤᠷᠬᠠᠶᠢᠯᠠᠨ᠂ ᠤᠯᠠᠨ ᠲᠦᠮᠡᠨ ᠳᠤ ᠪᠣᠳᠠᠲᠠᠢ ᠠᠵᠢᠯ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠨ ᠰᠡᠳᠬᠢᠯ ᠢ ᠣᠯᠬᠤ ᠬᠡᠷᠡᠭᠲᠡᠢ᠃     ᠬᠠᠷᠢᠭᠤᠴᠠᠯᠭ᠎ᠠ ᠡᠭᠦᠷᠭᠡᠯᠡᠯ ᠢᠶᠠᠨ ᠪᠠᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠰᠠᠬᠢᠨ ᠬᠠᠮᠠᠭᠠᠯᠠᠬᠤ ᠬᠠᠷᠢᠭᠤᠴᠠᠯᠭ᠎ᠠ︾ ᠶᠢ ᠰᠠᠶᠢᠲᠤᠷ  ᠬᠦᠢᠴᠡᠳᠭᠡᠶ᠎ᠡ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠬᠢᠴᠢᠶᠡᠨ ᠠᠳᠬᠤᠵᠤ᠂ ᠨᠠᠮ ᠤᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠣᠯᠠᠨ ᠲᠦᠮᠡᠨᠴᠢ ᠠᠵᠢᠯ ᠤᠨ ᠳᠠᠪᠠᠭᠤᠯᠢᠭ ᠢ ᠰᠡᠷᠭᠡᠶᠢᠯᠡᠨ ᠡᠵᠡᠮᠳᠡᠬᠦ ᠠᠵᠢᠯ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠤ  ᠲᠤᠤᠷᠴᠢᠯ ᠤᠨ ᠦᠢᠯᠡᠳᠦᠯ ᠢ ᠦᠨᠡᠨᠬᠦ ᠪᠠᠳᠠᠷᠠᠭᠤᠯᠤᠨ᠂ ᠴᠢᠩᠭ᠎ᠠ ᠰᠡᠷᠭᠡᠶᠢᠯᠡᠨ ᠰᠠᠬᠢᠵᠤ᠂ ᠥᠨᠴᠥᠭ ᠪᠤᠯᠤᠩ ᠦᠯᠡᠳᠡᠭᠡᠬᠦ ᠦᠭᠡᠢ᠂  ᠤᠰᠤᠯ ᠠᠯᠳᠠᠰᠢ ᠭᠠᠷᠭᠠᠬᠤ ᠦᠭᠡᠢ ᠪᠠᠶᠢᠬᠤ ᠬᠡᠷᠡᠭᠲᠡᠢ᠃  ᠪᠠᠶᠢᠭᠤᠯᠭ᠎ᠠ ᠨᠢᠬᠡᠴᠡ ᠶᠢᠨ ᠨᠠᠮ ᠤᠨ ᠭᠡᠰᠢᠭᠦᠨ᠂ ᠰᠡᠷᠭᠡᠶᠢᠯᠡᠨ ᠡᠵᠡᠮᠳᠡᠬᠦ ᠡᠳ᠋ ᠪᠣᠳᠠᠰ ᠵᠡᠷᠭᠡ ᠡᠯ᠎ᠡ ᠲᠥᠷᠥᠯ ᠤᠨ ᠡᠬᠢ ᠪᠠᠶᠠᠯᠢᠭ ᠢ ᠭᠦᠢᠴᠡᠳ  ᠲᠠᠶᠢᠴᠢᠯᠠᠨ᠂ ᠰᠡᠷᠭᠡᠶᠢᠯᠡᠨ ᠡᠵᠡᠮᠳᠡᠬᠦ ᠪᠣᠭᠤᠮᠲᠠ ᠶᠢ ᠨᠡᠶᠢᠭᠡᠮ ᠲᠣᠭᠤᠷᠢᠭ᠂ ᠠᠰᠠᠷ ᠲᠠᠭᠲᠤ᠂ ᠭᠡᠷ ᠪᠦᠯᠢ ᠲᠡᠰᠢ ᠤᠷᠤᠭᠰᠢᠯᠠᠭᠤᠯᠵᠤ᠂ ᠦᠨᠳᠦᠰᠦᠨ ᠱᠠᠲᠤᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ  ᠪᠠᠳᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠴᠤᠭᠴᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠬᠢᠯᠭ᠎ᠠ ᠪᠠᠲᠤ ᠶᠣᠰᠣ ᠳᠦᠷᠢᠮ ᠢ ᠤᠬᠠᠮᠰᠠᠷ ᠠᠴᠠ ᠪᠠᠨ ᠵᠢᠷᠤᠮᠯᠠᠵᠤ᠂  ᠠᠯᠮᠠᠶᠢᠷᠠᠨ ᠮᠢᠨᠴᠦᠭᠦᠷᠡᠬᠦ ᠦᠵᠡᠯ ᠰᠠᠨᠠᠭ᠎ᠠ᠂ ᠠᠵᠠ ᠬᠠᠷᠠᠬᠤ ᠪᠤᠳᠤᠯ ᠰᠡᠳᠬᠢᠴᠡ ᠶᠢ ᠡᠷᠡᠰ ᠲᠡᠪᠴᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠠᠵᠢᠯ ᠡᠬᠦᠷᠭᠡ ᠪᠠᠨ ᠭᠦᠢᠴᠡᠳᠬᠡᠬᠦ ᠬᠡᠷᠡᠭᠲᠡᠢ᠃      ᠰᠢᠨ᠎ᠡ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢ ᠬᠥᠲᠥᠯᠥᠨ ᠳᠠᠭᠠᠭᠤᠯᠵᠤ᠂ ᠰᠢᠨ᠎ᠡ ᠴᠠᠭ ᠦᠶ᠎ᠡ ᠨᠢ ᠰᠢᠨ᠎ᠡ ᠵᠢᠳᠬᠦᠯ ᠴᠢᠷᠮᠠᠶᠢᠯᠭ᠎ᠠ ᠶᠢ ᠬᠦᠰᠡᠨ ᠱᠠᠭᠠᠷᠳᠠᠵᠤ ᠪᠠᠶᠢᠨ᠎ᠠ᠃ ᠪᠢᠳᠡ ᠳᠠᠷᠤᠢ ᠲᠦᠷᠭᠡᠨ  ᠬᠦᠳᠡᠯᠦᠯᠴᠡᠵᠦ᠂ ᠨᠠᠮ ᠤᠨ ᠭᠡᠰᠢᠭᠦᠨ ᠤ ᠬᠢᠷᠢ ᠬᠡᠮ ᠢᠶᠠᠨ ᠢᠯᠡᠷᠡᠬᠦᠯᠦᠨ᠂ ᠲᠠᠭᠠᠭᠤᠯᠭ᠎ᠠ ᠶᠢᠨ ᠦᠢᠯᠡᠳᠦᠯ ᠢᠶᠠᠨ ᠪᠠᠳᠠᠷᠠᠭᠤᠯᠵᠤ᠂ ᠨᠠᠮ ᠤᠨ ᠵᠣᠷᠢᠯᠲᠠ ᠶᠢ ᠦᠢᠯᠡᠳᠦᠯᠬᠡᠵᠢᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠯᠠᠨ ᠲᠦᠮᠡᠨ ᠳᠤ ᠦᠢᠯᠡᠴᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠵᠢᠱᠢᠶᠡᠴᠢ ᠳᠦᠷᠢ ᠲᠥᠷᠬᠦ ᠪᠠᠨ ᠬᠠᠷᠠᠭᠤᠯᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠪᠠᠷ  ᠴᠢᠷᠮᠠᠶᠢᠨ᠂  ᠠᠳᠬᠤ ᠠᠷᠭᠠᠯ ᠭᠡᠰᠡᠭ ᠴᠢᠯᠠᠭᠤᠨ ᠤ  ᠬᠤᠪᠢ ᠨᠡᠮᠡᠷᠢ ᠪᠠᠷ ᠨᠠᠮ ᠤᠨ ᠠᠭᠤᠤ ᠶᠡᠭᠡ ᠦᠢᠯᠡᠰ ᠲᠤ ᠥᠩᠭᠡ ᠭᠡᠷᠡᠯ ᠨᠡᠮᠡᠷᠢᠯᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 101 ᠵᠢᠯ ᠤᠨ ᠤᠢ ᠶᠢ ᠤᠭᠲᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠳᠤᠵᠠᠭᠠᠶ᠎ᠠ᠃                                                                                     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ                 ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                    2022 ᠣᠨ ᠤ 6 ᠰᠠᠷ᠎ᠠ ᠶᠢᠨ 30 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号