ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠵᠤ ᠬᠠᠶᠢᠷ᠎ᠠ ᠬᠠᠯᠠᠮᠵᠢ ᠪᠠᠷ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/7/2
 ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠪᠠᠳᠠᠷᠠᠭᠤᠯᠵᠤ᠂ ᠬᠤᠰᠢᠭᠤ ᠨᠠᠮ ᠵᠠᠰᠠᠭ ᠠᠴᠠ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠵᠤ ᠪᠠᠶᠢᠭ᠎ᠠ  ᠪᠠᠨ ᠭᠦᠢᠴᠡᠳ ᠢᠯᠡᠷᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠣᠶ ᠪᠣᠯᠬᠤ ᠲᠠᠰᠢᠷᠠᠮ ᠢᠶᠠᠷ᠂ ᠲᠠᠶᠢᠹᠤᠰᠧ ᠬᠤᠰᠢᠭᠤᠨ ᠤ ᠬᠢᠨ ᠠᠬᠠᠮᠠᠳ ᠨᠠᠮ ᠤᠨ ᠭᠡᠰᠢᠭᠦᠨ᠂ ᠠᠮᠢᠳᠤᠷᠠᠯ ᠬᠦᠴᠢᠷᠳᠡᠯᠲᠡᠢ ᠨᠠᠮ ᠤᠨ ᠭᠡᠰᠢᠭᠦᠨ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠡ ᠵᠦᠩᠨᠡᠯ ᠢ ᠬᠦᠷᠭᠡᠭᠰᠡᠨ ᠪᠠᠶᠢᠨ᠎ᠠ᠃ ᠬᠤᠰᠢᠭᠤᠨ ᠤ ᠤᠳᠤᠷᠢᠳᠤᠯᠭ᠎ᠠ ᠨᠠᠷ ᠠᠬᠠᠮᠠᠳ ᠨᠠᠮ ᠤᠨ ᠭᠡᠰᠢᠭᠦᠳ ᠤᠨ ᠪᠡᠶ᠎ᠡ ᠮᠠᠬᠠᠪᠤᠳ  ᠤᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠠᠬᠠᠮᠠᠳ ᠨᠠᠮ ᠤᠨ ᠭᠡᠰᠢᠭᠦᠳ ᠲᠠᠢ ᠬᠠᠯᠠᠭᠤᠨ ᠵᠤᠭᠤᠭ ᠲᠡᠯᠭᠡᠨ  ᠬᠠᠭᠤᠴᠢ ᠲᠡᠦᠭᠡ ᠡᠷᠭᠢᠴᠡᠭᠦᠯᠵᠦ᠂ ᠲᠡᠳᠡᠨ ᠳᠤ ᠬᠦᠨᠳᠦᠳᠬᠡᠯ ᠲᠠᠯᠠᠷᠬᠠᠯ ᠢᠯᠡᠷᠭᠡᠶᠢᠯᠡᠭᠰᠡᠨ ᠤ ᠬᠠᠮᠳᠤ᠂ ᠲᠡᠳᠡᠨ ᠤ ᠲᠤᠯᠭᠤᠷ ᠵᠣᠷᠢᠯᠲᠠ ᠪᠠᠨ ᠪᠠᠲᠤ ᠰᠠᠬᠢᠵᠤ᠂ ᠦᠯᠡᠳᠡᠪᠦᠷᠢ ᠢᠯᠴᠢ ᠪᠠᠨ ᠢᠳᠡᠪᠬᠢᠲᠡᠢ ᠪᠠᠳᠠᠷᠠᠭᠤᠯᠬᠤ ᠳᠤ ᠬᠦᠰᠡᠯ ᠨᠠᠶᠢᠳᠠᠯᠭ᠎ᠠ ᠪᠠᠨ ᠲᠡᠪᠰᠢᠬᠦᠯᠵᠡᠢ᠃ ᠬᠤᠰᠢᠭᠤᠨ ᠤ ᠤᠳᠤᠷᠢᠳᠤᠯᠭ᠎ᠠ ᠨᠠᠷ ᠢᠯᠡᠷᠬᠡᠶᠢᠯᠡᠬᠦ ᠳᠡᠭᠡᠨ᠂ ᠠᠬᠠᠮᠠᠳ ᠨᠠᠮ ᠤᠨ ᠭᠡᠰᠢᠭᠦᠨ ᠪᠣᠯ ᠨᠠᠮ ᠤᠨ ᠢᠷᠠᠭᠤ ᠠᠯᠳᠠᠷᠲᠤ ᠲᠡᠦᠬᠡ ᠶᠢᠨ ᠭᠡᠷᠡᠴᠢᠯᠡᠭᠴᠢ᠂ ᠣᠷᠣᠯᠴᠠᠭᠴᠢ ᠪᠠ ᠠᠬᠢᠭᠤᠯᠤᠭᠴᠢ  ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠬᠦᠯᠦᠭᠰᠡᠨ ᠮᠠᠨ ᠤ ᠨᠠᠮ ᠤᠨ ᠡᠷᠬᠢᠮ ᠨᠠᠨᠳᠢᠨ ᠥᠪ ᠬᠥᠷᠥᠩᠭᠡ ᠪᠠᠶᠢᠭ᠎ᠠ᠃ ᠠᠬᠠᠮᠠᠳ ᠨᠠᠮ ᠤᠨ ᠭᠡᠰᠢᠭᠦᠳ ᠡᠷᠡᠬᠦᠯ ᠮᠡᠨᠳᠦ ᠪᠠᠨ ᠠᠩᠬᠠᠷᠴᠤ᠂ ᠢᠷᠠᠭᠤ ᠠᠯᠳᠠᠷ ᠢᠶᠠᠨ ᠨᠠᠨᠳᠢᠩᠨᠠᠨ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠪᠠᠳᠠᠷᠠᠭᠤᠯᠵᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠬᠦ ᠶᠢ ᠬᠦᠰᠡᠵᠦ ᠪᠠᠶᠢᠨ᠎ᠠ ᠬᠡᠵᠡᠢ᠃ ᠬᠤᠰᠢᠭᠤᠨ ᠤ ᠤᠳᠤᠷᠢᠳᠤᠯᠭ᠎ᠠ ᠨᠠᠷ ᠪᠠᠰᠠ ᠡᠯ᠎ᠡ ᠭᠠᠵᠠᠷ   ᠤᠷᠤᠨ ᠡᠯ᠎ᠡ ᠰᠠᠯᠠᠭ᠎ᠠ ᠮᠥᠴᠢᠷ ᠤᠨ ᠬᠢᠨ ᠬᠦᠴᠢᠷᠳᠡᠯᠲᠡᠢ ᠨᠠᠮ ᠤᠨ ᠭᠡᠰᠢᠭᠦᠨ ᠤ ᠠᠮᠢᠳᠤᠷᠠᠯ ᠢ ᠨᠠᠩ ᠢᠯᠡᠭᠦᠦ ᠬᠠᠯᠠᠮᠵᠢᠯᠠᠵᠤ᠂  ᠦᠢᠯᠡᠴᠢᠯᠡᠭᠡ ᠪᠠᠳᠤᠯᠠᠭᠠᠨ ᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂  ᠲᠡᠳᠡᠨ ᠤ  ᠰᠠᠨᠠᠭᠠᠰᠢᠷᠠᠵᠤ ᠵᠣᠪᠠᠵᠤ ᠪᠠᠶᠢᠭ᠎ᠠ ᠠᠰᠠᠭᠤᠳᠠᠯ ᠢ ᠦᠨᠡᠨ ᠬᠦ ᠬᠠᠪᠰᠤᠷᠤᠨ ᠰᠢᠢᠳᠪᠦᠷᠢᠯᠡᠵᠦ᠂ ᠨᠠᠮ ᠵᠠᠰᠠᠭ ᠪᠠ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠲᠡᠳᠡᠨ ᠤ ᠰᠡᠳᠬᠢᠯ ᠳᠤ ᠬᠦᠷᠭᠡᠨ᠂ ᠲᠡᠳᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠬᠦ ᠬᠡᠷᠡᠭᠲᠡᠢ᠃ ᠠᠬᠠᠮᠠᠳ ᠨᠠᠮ ᠤᠨ ᠭᠡᠰᠢᠭᠦᠨ ᠤ ᠨᠠᠮ ᠤᠨ ᠢᠶᠠᠨ ᠲᠥᠯᠥᠭᠡ᠂ ᠤᠯᠤᠰ ᠭᠡᠷ ᠤᠨ ᠢᠶᠠᠨ ᠲᠥᠯᠥᠭᠡ ᠭᠡᠬᠦ ᠵᠣᠷᠢᠭ ᠰᠠᠨᠠᠭ᠎ᠠ ᠶᠢ ᠪᠢᠳᠡᠨ ᠤ ᠰᠤᠷᠤᠯᠴᠠᠬᠤ ᠳᠠᠭᠤᠷᠢᠶᠠᠯ ᠪᠣᠯᠭᠠᠵᠤ᠂ ᠨᠠᠮ ᠤᠨ ᠬᠤᠪᠢᠰᠬᠠᠯᠳᠤ  ᠤᠳᠤᠮᠰᠢᠯ ᠢ  ᠵᠠᠯᠭᠠᠮᠵᠢᠯᠠᠨ᠂ ᠡᠪ ᠬᠠᠮᠲᠤᠴᠤᠳ ᠤᠨ ᠤᠶᠤᠨ ᠰᠠᠨᠠᠭᠠᠨ ᠤ ᠴᠢᠰᠤᠨ ᠰᠤᠳᠠᠰᠤ ᠶᠢ ᠦᠷᠭᠦᠯᠵᠢᠯᠡᠭᠦᠯᠵᠦ᠂ ᠬᠦᠨᠳᠦᠳᠬᠡᠯ ᠪᠠ ᠤᠯᠠᠮᠵᠢᠯᠠᠯ ᠤᠨ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠨᠠᠮ ᠤᠨ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃  ᠠᠬᠠᠮᠠᠳ ᠨᠠᠮ ᠤᠨ ᠬᠡᠰᠢᠬᠦᠳ ᠪᠦᠷ ︽ᠨᠠᠮ ᠪᠠᠶᠢᠭᠤᠯᠤᠭᠳᠠᠭᠰᠠᠨ ᠪᠠᠶᠠᠷ ᠤᠨ ᠡᠳᠦᠷ ᠢᠶᠠᠷ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠭᠥᠷᠳᠡᠭᠰᠡᠨ ᠨᠢ ᠲᠤᠶᠢᠯ ᠤᠨ ᠬᠠᠯᠠᠭᠤᠨ ᠳᠤᠯᠠᠭᠠᠨ ᠰᠠᠨᠠᠭᠳᠠᠵᠤ ᠪᠠᠶᠢᠨ᠎ᠠ᠂  ᠬᠤᠶᠢᠰᠢᠳᠠ ᠴᠤ ᠥᠩᠭᠡᠷᠡᠭᠰᠡᠨ ᠲᠠᠢ ᠪᠠᠨ ᠠᠳᠠᠯᠢ ᠪᠠᠷ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠤᠭ ᠰᠠᠨᠠᠭ᠎ᠠ ᠪᠠᠨ ᠦᠯᠦ ᠮᠠᠷᠳᠠᠨ᠂  ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠨᠠᠮ ᠤᠨ ᠦᠢᠯᠡᠰ ᠤᠨ ᠬᠥᠭᠵᠢᠯᠲᠡ ᠳᠤ ᠦᠷᠭᠦᠯᠵᠢᠯᠡᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠠᠶᠢᠭᠤᠯᠤᠭᠳᠠᠭᠰᠠᠨ 101 ᠵᠢᠯ ᠤᠨ ᠤᠢ ᠶᠢ ᠪᠡᠯᠭᠡᠯᠡᠨ᠎ᠡ︾ ᠬᠡᠵᠦ ᠢᠯᠡᠷᠭᠡᠶᠢᠯᠡᠵᠡᠭᠡᠪᠡ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号