ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠵᠤ ᠬᠦᠳᠡᠭᠡ ᠲᠤᠰᠬᠤᠨ ᠢ ᠴᠡᠭᠴᠡᠯᠡᠨ ᠭᠤᠸᠠᠵᠢᠭᠤᠯᠤᠨ᠎ᠠ
ᠨᠡᠶᠢᠲᠡᠯᠡᠭᠰᠡᠨ ᠴᠠᠭ᠄
2022/7/20
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠦᠢᠯᠡᠰ ᠢ ᠪᠡᠶᠡᠯᠡᠭᠦᠯᠬᠦ ᠳᠤ ︽ᠳᠣᠲᠣᠷ︾   ᠢ  ᠴᠢᠨᠠᠷᠯᠢᠭ  ᠪᠠᠶᠢᠯᠭᠠᠬᠤ ᠪᠠᠷ ᠪᠠᠷᠠᠬᠤ ᠦᠭᠡᠢ  ︽ᠭᠠᠳᠠᠷ︾  ᠢ ᠴᠤ ᠦᠩᠭᠡᠯᠢᠭ ᠪᠠᠶᠢᠯᠭᠠᠬᠤ ᠭᠡᠷᠡᠭᠳᠡᠢ᠃ ᠲᠡᠵᠢᠭᠡᠨ ᠦᠷᠡᠵᠢᠭᠦᠯᠬᠦ ᠦᠢᠯᠡᠰ ᠪᠣᠯ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ ᠤ ᠠᠵᠤ ᠦᠢᠯᠡᠰ ᠢᠶᠠᠨ ᠬᠦᠭᠵᠢᠬᠦᠯᠬᠦ ᠪᠠ ᠠᠰᠢᠭ ᠣᠷᠣᠯᠭ᠎ᠠ  ᠪᠠᠨ ᠨᠡᠮᠡᠭᠳᠡᠬᠦᠯᠬᠦ ᠭᠤᠣᠯ ᠠᠷᠭ᠎ᠠ ᠵᠠᠮ ᠪᠣᠯᠣᠨ᠎ᠠ᠃ ᠭᠡᠲᠡᠯ᠎ᠡ ᠲᠡᠵᠢᠭᠡᠨ ᠦᠷᠡᠵᠢᠭᠦᠯᠬᠦ ᠡᠷᠦᠬᠡ ᠤᠳ ᠨᠢ ᠡᠷᠳᠡ ᠤᠷᠢᠳᠤ ᠠᠴᠠ ᠪᠠᠨ ᠠᠪᠤᠭᠠᠳ  ᠪᠠᠭ᠎ᠠ ᠬᠡᠮᠵᠢᠶᠡᠨ ᠤ ᠮᠠᠯ ᠤᠨᠤᠭ᠎ᠠ ᠡᠵᠡᠩᠨᠡᠵᠦ᠂  ᠤᠷᠤᠨ ᠰᠠᠭᠤᠴᠠ ᠪᠠ  ᠬᠤᠷᠤᠭ᠎ᠠ ᠬᠠᠰᠢᠶ᠎ᠠ ᠨᠢ ᠬᠤᠯᠢᠯᠳᠤᠭᠰᠠᠨ ᠪᠠᠶᠢᠳᠠᠯ ᠲᠠᠢ ᠠᠵᠢᠯᠯᠠᠵᠤ ᠠᠮᠢᠳᠤᠷᠠᠵᠤ᠂  ᠬᠤᠳᠠ ᠬᠦᠷᠢᠶᠡᠨ ᠳᠤᠨᠢ ᠦᠬᠡᠷ ᠬᠤᠨᠢᠨ ᠤ ᠪᠠᠭᠠᠰᠤ ᠤᠪᠤᠭᠠᠷᠠᠭᠠᠳ᠂ ᠠᠶᠢᠯ ᠲᠣᠰᠬᠤᠨ ᠤ ᠦᠩᠭᠡ ᠲᠦᠷᠬᠦ ᠶᠢ ᠨᠥᠯᠥᠭᠡᠯᠡᠬᠦ ᠪᠠᠷ ᠪᠠᠷᠠᠬᠤ ᠦᠭᠡᠢ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ   ᠶᠢ ᠴᠤ ᠨᠥᠯᠥᠭᠡᠯᠡᠳᠡᠭ  ᠃ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ  ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠢᠨᠵᠧᠨᠧᠷᠢᠩ ᠢ ᠵᠠᠪᠠᠯ ᠭᠡᠷᠡᠭᠵᠢᠬᠦᠯᠬᠦ ᠴᠢᠬᠤᠯᠠ ᠲᠠᠢ᠃  ᠡᠨᠡᠬᠦ ᠪᠠᠶᠢᠳᠠᠯ ᠢ ᠲᠤᠶᠢᠯᠪᠤᠷᠢᠳᠠᠢ ᠰᠠᠶᠢᠵᠢᠷᠠᠭᠤᠯᠬᠤ ᠶᠢᠨ ᠲᠦᠯᠦᠭᠡ  ᠂ ᠲᠠᠶᠢᠹᠤᠰᠧ ᠬᠤᠰᠢᠭᠤ  ᠨᠢ ᠡᠨᠡ ᠵᠢᠯ ᠤᠨ 5 ᠰᠠᠷ᠎ᠠ ᠶᠢᠨ 10  ᠤ ᠡᠳᠦᠷ ᠠᠴᠠ ᠱᠠᠩ ᠫᠢ ᠹᠠᠩ ᠲᠣᠰᠬᠤᠨ ᠳᠤ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠲᠦᠷᠦᠯ ᠵᠦᠢᠯ   ᠤᠨ ᠪᠠᠶᠢᠭᠤᠯᠤᠯᠳᠠ ᠶᠢ ᠵᠢᠩᠬᠢᠨᠢ ᠪᠠᠷ ᠡᠬᠢᠯᠡᠬᠦᠯᠵᠡᠢ᠃  ᠲᠤᠰ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 407 ᠲᠦᠮᠡᠨ ᠲᠥᠭᠦᠷᠢᠭ  ᠂  ᠶᠡᠷᠦᠩᠬᠡᠢ ᠭᠡᠷᠡᠭᠵᠢᠬᠦᠯᠬᠦ ᠲᠠᠯᠠᠪᠠᠢ ᠨᠢ 27281 ᠬᠠᠪᠳᠠᠭᠠᠢ ᠲᠦᠷᠪᠡᠯᠵᠢᠨ ᠮᠧᠲᠷ   ᠲᠤ ᠬᠦᠷᠴᠦ᠂  ᠦᠬᠡᠷ ᠤᠨ ᠲᠤᠮᠤ ᠰᠠᠷᠠᠪᠴᠢ 4  ᠂  ᠡᠪᠡᠰᠦ ᠬᠠᠳᠠᠭᠠᠯᠠᠬᠤ ᠰᠠᠷᠠᠪᠴᠢ  ᠪᠠ ᠨᠤᠭᠤᠭᠠᠨ ᠪᠤᠷᠳᠤᠭᠠᠨ ᠤ ᠵᠣᠭᠤᠷᠢ ᠲᠤᠰᠪᠤᠷᠢ 8 ᠶᠢ ᠪᠠᠶᠢᠭᠤᠯᠵᠤ᠂  320 ᠦᠬᠡᠷ ᠮᠠᠯᠵᠢᠬᠤ ᠶᠡᠷᠦᠩᠬᠡᠢ ᠪᠠᠭᠳᠠᠭᠠᠮᠵᠢ ᠲᠠᠢ᠃ ᠣᠳᠣᠬᠠᠨ ᠳᠤ ᠲᠦᠷᠦᠯ ᠵᠦᠢᠯ ᠤᠨ  ᠪᠠᠶᠢᠭᠤᠯᠤᠯᠲᠠ ᠶᠠᠭ ᠡᠮᠬᠢ ᠳᠢᠭᠯᠢᠮ ᠲᠠᠢ ᠶᠠᠪᠤᠭᠳᠠᠵᠤ  ᠂ ᠵᠢᠱᠢᠯᠲᠡ ᠪᠠᠷ 10 ᠰᠠᠷ᠎ᠠ ᠶᠢᠨ ᠰᠡᠭᠦᠯᠴᠢ ᠪᠠᠷ ᠪᠦᠬᠦᠨ ᠢ ᠪᠠᠶᠢᠭᠤᠯᠵᠤ ᠲᠠᠭᠤᠰᠬᠤ ᠪᠠᠷ ᠪᠠᠶᠢᠭ᠎ᠠ  ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂  ᠲᠡᠵᠢᠭᠡᠨ ᠦᠷᠡᠵᠢᠭᠦᠯᠬᠦ ᠡᠷᠦᠬᠡ ᠤᠳ ᠨᠢ ᠬᠠᠰᠢᠶᠠᠯᠠᠨ ᠮᠠᠯᠵᠢᠵᠤ ᠪᠠᠶᠢᠭ᠎ᠠ ᠮᠢᠬᠠᠨ ᠤ ᠦᠬᠡᠷ ᠢᠶᠠᠨ ᠲᠡᠵᠢᠭᠡᠨ ᠦᠷᠡᠵᠢᠭᠦᠯᠬᠦ ᠲᠣᠭᠤᠷᠢᠭ ᠲᠤ ᠨᠡᠬᠦᠯᠬᠡᠬᠦ ᠪᠤᠯᠬᠤᠷ᠂ ᠲᠣᠰᠬᠤᠨ ᠤ ᠣᠷᠣᠰᠢᠨ ᠰᠠᠭᠤᠷᠢᠰᠢᠬᠤ ᠣᠷᠴᠢᠨ  ᠲᠤᠭᠤᠷᠢᠨ ᠴᠤ ᠠᠶᠠᠨᠳᠠᠭᠠᠨ ᠰᠠᠶᠢᠵᠢᠷᠠᠬᠤ  ᠪᠤᠯᠤᠨ᠎ᠠ᠃  ᠲᠠᠶᠢᠹᠤᠰᠧ ᠬᠤᠰᠢᠭᠤ ᠨᠢ ᠡᠶᠢᠨ ᠬᠦ᠋ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠠᠵᠤ ᠦᠢᠯᠡᠰ ᠤᠨ ᠬᠥᠭᠵᠢᠯᠲᠡ᠂  ᠠᠰᠢᠭ ᠣᠷᠣᠯᠭ᠎ᠠ ᠶᠢᠨ ᠨᠡᠮᠡᠭᠳᠡᠯ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠲᠠᠢ ᠨᠢᠭᠲᠠ ᠤᠶᠠᠯᠳᠤᠭᠤᠯᠤᠨ  ᠂ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ᠂  ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠵᠡᠷᠭᠡ ᠭᠠᠵᠠᠷ ᠲᠤ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠲᠥᠷᠥᠯ ᠵᠦᠢᠯ ᠤᠨ ᠪᠠᠶᠢᠭᠤᠯᠤᠯᠲᠠ ᠶᠢ ᠯᠠᠪᠳᠠᠭᠤᠨ ᠢᠶᠠᠷ  ᠭᠡᠷᠡᠭᠵᠢᠬᠦᠯᠵᠦ᠂ ᠴᠢᠭ᠋ ᠢᠶᠠᠷ ᠨᠡᠶᠢᠳᠡᠮ ᠢ ᠲᠠᠶᠢᠴᠢᠯᠠᠨ᠂    ᠤᠤᠤᠯ ᠤᠨ ᠲᠠᠷᠠᠬᠠᠢ ᠪᠤᠲᠠᠷᠬᠠᠢ ᠪᠠᠭ᠎ᠠ ᠭᠡᠪᠴᠢᠶᠡᠨ ᠤ ᠠᠷᠠᠴᠢᠯᠠᠭ᠎ᠠ ᠮᠠᠯᠵᠢᠯᠭ᠎ᠠ ᠶᠢᠨ ᠬᠡᠯᠪᠡᠷᠢ ᠶᠢ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠡᠷᠴᠢᠮᠵᠢᠭᠰᠡᠨ᠂ ᠠᠵᠤ ᠦᠶᠢᠯᠡᠰᠵᠢᠭᠰᠡᠨ ᠮᠠᠯᠵᠢᠯ ᠤᠨ ᠬᠡᠯᠪᠡᠷᠢ ᠳᠠᠰᠢ ᠠᠯᠬᠤᠮ ᠠᠯᠬᠤᠮ ᠢᠶᠠᠷ  ᠬᠤᠪᠢᠷᠠᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠬᠦᠯᠦᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠳᠠ ᠪᠠ ᠥᠪᠡᠷᠮᠢᠴᠡ ᠣᠨᠴᠠᠯᠢᠭᠲᠤ  ᠵᠢᠭᠤᠯᠴᠢᠯᠠᠯ ᠤᠨ ᠦᠢᠯᠡᠰ ᠤᠨ ᠬᠦᠭᠵᠢᠯᠳᠡ ᠳᠤ ᠪᠠᠲᠤ ᠪᠠᠬᠢ ᠰᠠᠭᠤᠷᠢ ᠶᠢ ᠲᠠᠯᠪᠢᠵᠤ  ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号