︽ᠳᠡᠯᠭᠡᠭᠦᠷ ᠢᠶᠠᠨ ᠪᠢ 2022 ᠣᠨ ᠤ ᠡᠬᠢ ᠪᠠᠷ ᠨᠡᠭᠡᠭᠡᠭᠰᠡᠨ ᠶᠤᠮ᠂ ᠡᠵᠡᠩᠨᠡᠯᠲᠡ ᠶᠢᠨ ᠬᠡᠪᠴᠢᠶ᠎ᠡ ᠪᠠᠨ | ᠦᠷᠭᠡᠳᠭᠡᠬᠦ ᠰᠠᠨᠠᠭ᠎ᠠ ᠲᠠᠢ᠂ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠳᠤ ᠪᠠᠭ᠎ᠠ ᠪᠤᠰᠤ ᠪᠡᠯᠡ ᠮᠥᠩᠭᠦ | ᠭᠡᠷᠡᠭᠰᠡᠨ᠎ᠡ︾ ᠬᠡᠮᠡᠨ ᠪᠤᠤᠴᠠᠩ ᠪᠠᠯᠭᠠᠰᠤᠨ ᠳᠤ ᠵᠢᠵᠢᠭ ᠬᠡᠯᠪᠡᠷᠢ ᠶᠢᠨ ᠮᠠᠰᠢᠨ ᠲᠡᠷᠭᠡ ᠰᠡᠯᠪᠢᠨ ᠵᠠᠰᠠᠬᠤ ᠭᠠᠵᠠᠷ | ᠡᠵᠡᠩᠨᠡᠵᠦ ᠪᠠᠶᠢᠭ᠎ᠠ ᠵᠢᠵᠢᠭ ᠠᠵᠤ ᠠᠬᠤᠶᠢᠯᠠᠯᠳᠠᠨ ᠪᠠᠢ ᠶᠠᠨ ᠯᠦᠩ ᠡᠷᠬᠢᠯᠳᠦᠯ ᠤᠨ ᠪᠡᠯᠡ ᠮᠥᠩᠭᠦ ᠬᠦᠷᠦᠯᠴᠡᠬᠦ | ᠦᠭᠡᠢ ᠠᠴᠠ ᠮᠠᠰᠢ ᠵᠣᠪᠠᠵᠤ ᠪᠠᠶᠢᠪᠠ᠃ ᠨᠢᠬᠡ ᠤᠳᠠᠭ᠎ᠠ ᠬᠤᠰᠢᠭᠤᠨ ᠤ ᠦᠢᠯᠡᠰ ᠪᠦᠳᠦᠭᠡᠬᠦ ᠪᠠᠳᠤᠯᠠᠭᠠᠳᠤ | ᠵᠢᠭᠡᠯᠡᠯᠭᠡ ᠶᠢᠨ ᠲᠥᠪ ᠨᠢ ᠲᠥᠷᠥ ᠶᠢᠨ ᠪᠣᠳᠣᠯᠭ᠎ᠠ ᠶᠢ ᠠᠵᠤ ᠠᠬᠤᠶᠢᠯᠠᠯ ᠳᠤ ᠬᠦᠷᠭᠡᠬᠦ ᠠᠵᠢᠯᠯᠠᠭ᠎ᠠ ᠦᠷᠨᠢᠬᠦᠯᠬᠦ ᠪᠠᠷ | ᠂ ᠪᠠᠢ ᠶᠠᠨ ᠯᠦᠩ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠣᠶᠢᠯᠠᠭᠠᠭᠰᠠᠨ ᠤ ᠳᠠᠷᠠᠭ᠎ᠠ ᠡᠨᠡ ᠬᠦ᠋ | ᠵᠢᠭᠡᠯᠡᠯᠭᠡ ᠶᠢ ᠤᠯᠬᠤ ᠪᠠᠷ ᠡᠷᠡᠮᠡᠯᠵᠡᠯᠡᠭᠰᠡᠨ ᠪᠠᠶᠢᠯ᠎ᠠ᠃ | ᠡᠷᠡᠮᠡᠯᠵᠡᠯ ᠢ ᠬᠦᠯᠢᠶᠡᠨ ᠠᠪᠤᠭᠰᠠᠨ ᠤ ᠳᠠᠷᠠᠭ᠎ᠠ᠂ ᠲᠠᠶᠢᠹᠤᠰᠧ ᠬᠤᠰᠢᠭᠤᠨ ᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠤᠨ ᠦᠢᠯᠡᠰ ᠪᠦᠳᠦᠬᠡᠬᠦ ᠪᠠᠳᠤᠯᠠᠭᠠᠳᠤ ᠵᠢᠭᠡᠯᠡᠯᠭᠡ ᠶᠢᠨ ᠲᠥᠪ ᠤᠨ ᠬᠢᠨ ᠮᠠᠲ᠋ᠧᠷᠢᠶᠠᠯ | ᠡᠮᠬᠢᠯᠡᠬᠦ᠂ ᠬᠠᠷᠭᠤᠭᠤᠯᠤᠨ ᠪᠠᠶᠢᠴᠠᠭᠠᠬᠤ᠂ ᠡᠷᠡᠮᠡᠯᠵᠡᠯᠡᠨ ᠮᠡᠳᠡᠭᠦᠯᠬᠦ ᠵᠡᠷᠭᠡ ᠠᠯᠬᠤᠮ ᠶᠠᠪᠤᠴᠠ ᠶᠢ ᠤᠬᠤᠷᠬᠠᠨ | ᠬᠤᠭᠤᠴᠠᠭᠠᠨ ᠳᠤ ᠲᠠᠭᠤᠰᠬᠠᠵᠤ᠂ ᠭᠠᠷᠠᠭ ᠬᠦᠷᠬᠦ ᠦᠭᠡᠢ ᠤᠬᠤᠷᠬᠠᠨ ᠴᠠᠭ ᠲᠤ 20 ᠲᠦᠮᠡᠨ ᠲᠥᠭᠦᠷᠢᠭ ᠤᠨ | ᠪᠠᠳᠤᠯᠠᠭᠠᠳᠤ ᠵᠢᠭᠡᠯᠡᠯᠭᠡ ᠶᠢ ᠪᠠᠢ ᠶᠠᠨ ᠯᠦᠩ ᠤᠨ ᠺᠠᠷᠲ ᠲᠤ ᠤᠷᠤᠭᠤᠯᠤᠭᠠᠳ ᠪᠠᠴᠢᠮ ᠭᠡᠷᠡᠭᠴᠡᠭᠡ ᠶᠢ ᠨᠢ | ᠰᠢᠢᠳᠪᠦᠷᠢᠯᠡᠵᠦ ᠦᠭᠴᠡᠢ᠃ | ︽ᠡᠨᠡ ᠬᠦ ᠵᠢᠭᠡᠯᠡᠯᠭᠡ ᠨᠢ ᠨᠠᠳᠠ ᠠᠪᠴᠤ ᠬᠡᠯᠡᠪᠡᠯ ︿ᠴᠠᠭ ᠤᠨ ᠬᠤᠷ᠎ᠠ﹀ ᠪᠤᠯᠵᠤ ᠪᠠᠭᠤᠭᠰᠠᠨ ᠶᠤᠮ᠂ | ᠪᠠᠳᠤᠯᠠᠭᠠᠳᠤ ᠵᠢᠭᠡᠯᠡᠯᠭᠡ ᠨᠢ ᠨᠠᠳᠠ ᠰᠢᠭ᠋ ᠬᠤᠪᠢ ᠶᠢᠨ ᠡᠵᠡᠩᠨᠡᠭᠴᠢᠳ ᠲᠤ ᠮᠤᠨᠳᠠᠭ ᠶᠡᠭᠡ ᠲᠤᠰᠠ ᠲᠡᠮ ᠪᠤᠯᠤᠨ᠎ᠠ | ᠰᠢᠦ︾ ᠬᠡᠵᠦ 20 ᠲᠦᠮᠡᠨ ᠲᠥᠭᠦᠷᠢᠭ ᠢᠶᠠᠨ ᠭᠠᠷᠭᠠᠵᠤ ᠠᠪᠤᠭᠰᠠᠨ ᠪᠠᠢ ᠶᠠᠨ ᠯᠦᠩ ᠪᠠᠶᠠᠷᠯᠠᠨ ᠲᠤᠭᠳᠤᠯᠤᠨ᠎ᠠ᠃ | ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠃ ᠲᠠᠶᠢᠹᠤᠰᠧ ᠬᠤᠰᠢᠭᠤᠨ ᠤ ᠬᠢᠨ | ᠣᠯᠠᠨ ᠲᠦᠮᠡᠨ ᠳᠤ ᠪᠤᠳᠠᠳᠠᠢ ᠠᠵᠢᠯ ᠬᠢᠬᠦ ᠶᠢ ᠪᠠᠷᠢᠮᠳᠠᠯᠠᠨ᠂ ᠣᠯᠠᠨ ᠲᠦᠮᠡᠨ ᠤ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠳᠤ ᠰᠠᠭᠤᠷᠢᠯᠠᠵᠤ᠂ ᠪᠠᠭ᠎ᠠ ᠵᠢᠵᠢᠭ ᠠᠵᠤ ᠠᠬᠤᠶᠢᠯᠠᠯ᠂ ᠬᠤᠪᠢ ᠶᠢᠨ ᠡᠵᠡᠩᠨᠡᠭᠴᠢᠳ ᠤᠨ ᠪᠣᠳᠠᠲᠠᠢ | ᠬᠦᠴᠢᠷᠳᠡᠯ ᠪᠠ ᠱᠠᠭᠠᠷᠳᠠᠯᠭ᠎ᠠ ᠭᠡᠷᠡᠭᠴᠡᠭᠡᠨ ᠤ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠴᠢᠩᠭᠠᠳᠬᠠᠬᠤ᠂ ᠵᠢᠭᠡᠯᠡᠯᠭᠡ ᠶᠢᠨ ᠶᠠᠪᠤᠴᠠ ᠶᠢ ᠲᠦᠬᠦᠮᠴᠢᠯᠡᠬᠦ᠂ ᠬᠢᠨᠠᠨ ᠬᠠᠷᠭᠤᠭᠤᠯᠬᠤ ᠪᠤᠭᠤᠮᠳᠠ ᠶᠢ ᠴᠢᠩᠭ᠎ᠠ | ᠰᠠᠬᠢᠬᠤ᠂ ᠵᠢᠭᠡᠯᠡᠯᠭᠡ ᠲᠠᠯᠪᠢᠬᠤ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠬᠤ ᠵᠡᠷᠭᠡ ᠠᠷᠭ᠎ᠠ ᠬᠡᠮᠵᠢᠶ᠎ᠡ ᠪᠠᠷ | ᠲᠠᠮᠵᠢᠭᠠᠳ᠂ ᠦᠢᠯᠡᠰ ᠪᠦᠳᠦᠬᠡᠬᠦ ᠪᠠᠷ ᠠᠵᠢᠯ ᠤᠯᠬᠤ ᠶᠢ ᠲᠠᠶᠢᠴᠢᠯᠠᠵᠤ᠂ ᠪᠥᠬᠦ ᠬᠤᠰᠢᠭᠤᠨ ᠤ ᠠᠵᠢᠯ | ᠣᠯᠭᠤᠯᠲᠠ ᠪᠠ ᠠᠵᠤ ᠠᠬᠤᠢ ᠶᠢᠨ ᠬᠥᠭᠵᠢᠯᠲᠡ ᠶᠢ ᠴᠢᠨᠠᠭᠰᠢᠳᠠ ᠠᠬᠢᠭᠤᠯᠤᠭᠰᠠᠨ ᠪᠠᠶᠢᠨ᠎ᠠ᠃ | ︽ᠮᠠᠨ ᠤ ᠵᠢᠭᠡᠯᠡᠯᠭᠡ ᠶᠢᠨ ᠲᠥᠪ ᠨᠢ ᠪᠠᠲᠤᠯᠠᠭᠠᠲᠤ ᠵᠢᠭᠡᠯᠡᠯᠭᠡ ᠶᠢᠨ ᠦᠢᠯᠡᠰ ᠪᠦᠳᠦᠬᠡᠵᠦ ᠠᠵᠢᠯ ᠤᠯᠬᠤ ᠶᠢ | ᠳᠠᠶᠢᠴᠢᠯᠠᠬᠤ ᠲᠤᠯᠭᠠᠭᠤᠷᠢᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠨᠡ ᠵᠢᠯ ᠤᠨ 2 ᠰᠠᠷ᠎ᠠ ᠠᠴᠠ | ᠣᠲᠣ ᠪᠣᠯᠲᠠᠯ᠎ᠠ ᠬᠤᠲᠠ ᠪᠠᠯᠭᠠᠰᠤᠨ ᠤ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ᠂ ᠴᠡᠷᠢᠭ | ᠤᠨ ᠠᠯᠪᠠ ᠠᠴᠠ ᠬᠠᠯᠠᠭᠳᠠᠭᠰᠠᠳ᠂ ᠰᠤᠷᠭᠠᠭᠤᠯᠢ ᠲᠡᠭᠦᠰᠦᠭᠰᠡᠳ ᠤᠶᠤᠳᠠᠳ᠂ ᠨᠤᠲᠤᠭ ᠲᠠᠭᠠᠨ ᠪᠤᠴᠠᠭᠰᠠᠨ | ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠨᠡᠶᠢᠲᠡ 420 ᠲᠦᠮᠡᠨ ᠲᠥᠭᠦᠷᠢᠭ ᠤᠨ ᠦᠢᠯᠡᠰ ᠪᠦᠳᠦᠬᠡᠬᠦ | ᠪᠠᠳᠤᠯᠠᠭᠠᠳᠤ ᠵᠢᠭᠡᠯᠡᠯᠭᠡ ᠤᠯᠤᠭᠤᠭᠠᠳ᠂ 24 ᠬᠦᠮᠦᠨ ᠳᠤ ᠠᠰᠢᠭ ᠬᠦᠷᠳᠡᠭᠡᠵᠡᠢ᠃ ᠳᠠᠷᠠᠭᠠᠴᠢ ᠶᠢᠨ ᠠᠯᠬᠤᠮ ᠳᠤ᠂ | ᠮᠠᠨ ᠤ ᠲᠥᠪ ᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠷᠬᠦᠯᠵᠢᠯᠡᠨ ᠴᠢᠩᠭᠠᠳᠬᠠᠵᠤ᠂ ᠲᠥᠷᠥ ᠶᠢᠨ | ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠦᠷᠭᠡᠳᠭᠡᠨ᠂ ᠦᠢᠯᠡᠰ ᠪᠦᠳᠦᠬᠡᠬᠦ ᠪᠠᠳᠤᠯᠠᠭᠠᠳᠤ ᠵᠢᠭᠡᠯᠡᠯᠭᠡ ᠶᠢᠨ ᠲᠦᠷᠭᠡᠨ | ᠭᠦᠢᠴᠡᠳᠬᠡᠬᠦ ᠵᠠᠭᠪᠤᠷ ᠢ ᠭᠡᠷᠡᠭᠵᠢᠬᠦᠯᠵᠦ᠂ ᠵᠢᠭᠡᠯᠡᠯᠭᠡ ᠲᠠᠯᠪᠢᠬᠤ ᠤᠳᠠᠭ᠎ᠠ ᠲᠠᠷᠠᠭ᠎ᠠ ᠪᠠ ᠵᠢᠭᠡᠯᠡᠯᠭᠡ ᠶᠢᠨ ᠦᠷ᠎ᠡ | ᠠᠰᠢᠭ ᠢ ᠲᠡᠭᠡᠭᠰᠢᠯᠡᠬᠦᠯᠦᠨ᠂ ᠠᠵᠢᠯ ᠣᠯᠭᠤᠯᠲᠠ ᠶᠢᠨ ᠲᠣᠭᠲᠠᠭᠤᠨ ᠢ ᠠᠬᠢᠭᠤᠯᠤᠨ᠎ᠠ︾ ᠬᠡᠵᠦ ᠦᠢᠯᠡᠰ ᠪᠦᠳᠦᠬᠡᠬᠦ | ᠪᠠᠳᠤᠯᠠᠭᠠᠳᠤ ᠵᠢᠭᠡᠯᠡᠯᠭᠡ ᠶᠢᠨ ᠲᠥᠪ ᠤᠨ ᠡᠷᠬᠢᠯᠡᠭᠴᠢ ᠬᠠᠨ ᠢᠦᠢ ᠲᠠᠨᠢᠯᠴᠠᠭᠤᠯᠤᠯ᠎ᠠ᠃ |