ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠭᠤᠣᠯ ᠡᠮᠨᠡᠯᠭᠡ ᠶᠢᠨ ᠬᠤᠷᠢᠶ᠎ᠠ ᠨᠢ ᠲᠤᠰᠬᠠᠢ ᠮᠡᠷᠭᠡᠵᠢᠯᠲᠡᠨ ᠤ | ᠪᠦᠯᠬᠦᠮ ᠢ ᠵᠣᠬᠢᠶᠠᠨ ᠪᠠᠶᠢᠭᠤᠯᠵᠤ᠂ ᠲᠠᠶᠢᠹᠤᠰᠧ ᠬᠤᠰᠢᠭᠤᠨ ᠤ ᠴᠢᠶᠠᠨ ᠶᠢᠨ ᠭᠧᠦ ᠪᠠᠯᠭᠠᠰᠤᠨ ᠤ ᠳ᠋ᠠ ᠭᠧ ᠳ᠋ᠦᠩ | ᠲᠣᠰᠬᠤᠨ ᠳᠤ ᠠᠯᠪᠠᠨ ᠵᠢᠷᠤᠮ ᠤᠨ ᠡᠮᠴᠢᠯᠡᠭᠡ ᠬᠢᠭᠰᠡᠨ ᠪᠠᠶᠢᠨ᠎ᠠ᠃ ᠠᠬᠤᠢ ᠲᠠᠯᠠᠪᠠᠢ ᠳᠤ ᠡᠮᠨᠡᠯᠭᠡ ᠶᠢᠨ ᠠᠵᠢᠯᠲᠠᠳ | ᠠᠴᠠ ᠦᠵᠡᠬᠦᠯᠬᠦ ᠪᠠᠷ ᠢᠷᠡᠭᠰᠡᠨ ᠠᠷᠠᠳ ᠢᠷᠭᠡᠳ ᠤᠨ ᠡᠪᠡᠳᠴᠢᠨ ᠤ ᠪᠠᠶᠢᠳᠠᠯ ᠪᠠ ᠠᠮᠢᠳᠤᠷᠠᠯ ᠤᠨ ᠵᠠᠩ | ᠳᠠᠳᠬᠠᠯ ᠢ ᠨᠢ ᠨᠠᠷᠢᠨ ᠨᠢᠮᠪᠠᠢ ᠠᠰᠠᠭᠤᠨ ᠯᠠᠪᠯᠠᠵᠤ᠂ ᠠᠰᠠᠭᠤᠨ ᠯᠠᠪᠯᠠᠭᠰᠠᠨ ᠵᠦᠢᠯ ᠳᠤᠨᠢ ᠬᠦᠯᠢᠴᠡᠩᠭᠦᠢ ᠪᠠᠷ | ᠬᠠᠷᠢᠭᠤᠯᠳᠠ ᠦᠭᠬᠦ ᠶᠢᠨ ᠬᠠᠮᠲᠤ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠤ | ᠰᠡᠷᠭᠡᠶᠢᠯᠡᠨ ᠵᠠᠰᠠᠬᠤ ᠮᠡᠳᠡᠯᠭᠡ ᠶᠢ ᠠᠷᠠᠳ ᠢᠷᠭᠡᠳ ᠲᠤ ᠤᠬᠠᠭᠤᠯᠤᠨ ᠲᠦᠭᠡᠮᠡᠯᠵᠢᠭᠦᠯᠵᠦ᠂ ᠡᠮ ᠲᠠᠩ ᠬᠡᠷᠡᠭᠯᠡᠬᠦ | ᠲᠠᠯ᠎ᠠ ᠪᠠᠷ ᠵᠢᠭᠠᠨ ᠵᠢᠯᠤᠭᠤᠳᠤᠭᠰᠠᠨ ᠪᠠᠶᠢᠯ᠎ᠠ᠃ | ᠲᠠᠷᠢᠶᠠᠴᠢᠨ ᠵᠢᠶᠠ ᠬᠦᠢ ᠱᠠᠨ᠄ ︽ᠲᠤᠰᠬᠠᠢ ᠮᠡᠷᠭᠡᠵᠢᠯ ᠤᠨ ᠡᠮᠴᠢᠯᠡᠭᠡ ᠶᠢ ᠲᠤᠰᠬᠤᠨ ᠳᠤ ᠬᠦᠷᠬᠡᠵᠦ | ᠢᠷᠡᠯ᠎ᠡ᠂ ᠮᠠᠨ ᠤ ᠲᠠᠷᠢᠶᠠᠴᠢᠳ ᠲᠤ ᠲᠤᠶᠢᠯ ᠤᠨ ᠶᠡᠭᠡ ᠳᠥᠭᠦᠮ ᠦᠵᠡᠬᠦᠯᠵᠦ ᠠᠰᠢᠭ ᠬᠦᠷᠳᠡᠭᠡᠵᠡᠢ᠃ ᠶᠡᠷᠦ ᠨᠢ | ᠰᠢᠯᠢ ᠶᠢᠨ ᠭᠤᠣᠯ ᠠᠶᠢᠮᠠᠭ ᠤᠨ ᠭᠤᠣᠯ ᠡᠮᠨᠡᠯᠭᠡ ᠶᠢᠨ ᠬᠤᠷᠢᠶ᠎ᠠ ᠨᠢ ᠲᠠᠪᠤᠨ ᠵᠢᠯ ᠳᠠᠷᠠᠭᠠᠯᠠᠨ ᠮᠠᠨ ᠤ ᠲᠣᠰᠬᠤᠨ ᠳᠤ | ᠢᠷᠡᠵᠦ ᠠᠯᠪᠠᠨ ᠵᠢᠷᠤᠮ ᠤᠨ ᠡᠮᠴᠢᠯᠡᠭᠡ ᠬᠢᠭᠰᠡᠨ ᠪᠥᠭᠡᠳ ᠮᠠᠰᠢ ᠤᠯᠠᠨ ᠪᠣᠳᠠᠲᠠᠢ ᠠᠵᠢᠯ ᠬᠢᠵᠦ ᠦᠭᠬᠦᠭᠰᠡᠨ ᠶᠤᠮ︾ | ᠃ | ᠰᠢᠯᠢ ᠶᠢᠨ ᠭᠤᠣᠯ ᠠᠶᠢᠮᠠᠭ ᠤᠨ ᠭᠤᠤᠯ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠡᠷᠬᠢᠯᠡᠭᠴᠢ | ᠸᠧᠢ ᠶᠢᠨ ᠸᠧᠨ᠄ ︽ᠠᠯᠪᠠᠨ ᠵᠢᠷᠤᠮ ᠤᠨ ᠡᠮᠴᠢᠯᠡᠭᠡ ᠪᠣᠯ ᠠᠷᠠᠳ ᠢᠷᠭᠡᠳ ᠲᠤ ᠠᠰᠢᠭ ᠬᠦᠷᠳᠡᠭᠡᠬᠦ ᠨᠢᠭᠡ | ᠲᠦᠷᠦᠯ ᠤᠨ ᠦᠢᠯᠡᠴᠢᠯᠡᠭᠡ ᠪᠤᠯᠤᠨ᠎ᠠ᠂ ᠡᠶᠢᠮᠦ ᠦᠢᠯᠡᠴᠢᠯᠡᠭᠡ ᠶᠢ ᠠᠷᠠᠳ ᠢᠷᠭᠡᠳ ᠴᠤ ᠬᠦᠰᠡᠵᠦ ᠪᠠᠶᠢᠭ᠎ᠠ ᠂ | ᠡᠲᠡᠭᠡᠷ ᠵᠢᠯ ᠤᠳ ᠲᠤ ᠪᠢᠳᠡ ᠠᠯᠪᠠᠨ ᠵᠢᠷᠤᠮ ᠤᠨ ᠡᠮᠴᠢᠯᠡᠭᠡ ᠶᠢ ᠵᠢᠯ ᠳᠠᠷᠠᠭᠠᠯᠠᠨ ᠬᠢᠵᠦ ᠢᠷᠡᠯ᠎ᠡ᠂ ᠭᠡᠳᠦᠶᠢᠪᠡᠷ | ᠬᠠᠪᠰᠤᠷᠤᠨ ᠲᠡᠳᠬᠦᠬᠦ ᠠᠵᠢᠯ ᠤᠨ ᠬᠤᠭᠤᠴᠠᠭ᠎ᠠ ᠲᠠᠭᠤᠰᠤᠭᠰᠠᠨ ᠪᠣᠯᠪᠠᠴᠤ ᠡᠨᠡ ᠬᠦ ᠦᠢᠯᠡᠴᠢᠯᠡᠭᠡ ᠪᠠᠨ ᠪᠢᠳᠡ | ᠦᠷᠬᠦᠯᠵᠢᠯᠡᠬᠦᠯᠵᠦ᠂ ᠠᠷᠠᠳ ᠤᠯᠠᠨ ᠳᠤ ᠤᠯᠠᠮ ᠰᠠᠶᠢᠨ ᠦᠢᠯᠡᠴᠢᠯᠡᠬᠦ ᠪᠠᠷ ᠴᠢᠷᠮᠠᠶᠢᠨ᠎ᠠ︾ ᠃ | ᠠᠵᠢᠯᠯᠠᠭ᠎ᠠ ᠦᠷᠨᠢᠬᠦᠯᠦᠭᠰᠡᠨ ᠲᠤᠬᠠᠢ ᠶᠢᠨ ᠡᠳᠦᠷ ᠨᠡᠶᠢᠲᠡ 200 ᠭᠠᠷᠤᠢ ᠡᠪᠡᠳᠴᠢᠲᠡᠨ ︵ᠤᠳᠠᠭ᠎ᠠ︶ ᠢ | ᠭᠥᠯᠢᠶᠡᠨ ᠠᠪᠴᠤ ᠡᠮᠴᠢᠯᠡᠭᠡᠳ᠂ ᠠᠷᠠᠳ ᠢᠷᠭᠡᠳ ᠲᠤ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ | ᠬᠠᠩᠭᠠᠭᠰᠠᠨ ᠢᠶᠠᠷ ᠪᠠᠷᠠᠬᠤ ᠦᠭᠡᠢ᠂ ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ᠤᠬᠠᠮᠰᠠᠷ᠂ ᠡᠪᠡᠳᠴᠢᠨ | ᠰᠡᠷᠭᠡᠶᠢᠯᠡᠬᠦ ᠤᠬᠠᠮᠰᠠᠷ ᠢ ᠤᠯᠠᠮ ᠴᠢᠨᠠᠭᠰᠢᠳᠠ ᠳᠡᠭᠡᠭᠰᠢᠯᠡᠭᠦᠯᠦᠭᠰᠡᠨ ᠪᠠᠶᠢᠨ᠎ᠠ᠃ |