ᠲᠠᠶᠢᠹᠤᠰᠧ ᠬᠤᠰᠢᠭᠤᠨ ᠳᠤ ᠢᠳᠡᠷᠴᠤᠳ ᠨᠠᠰᠤᠳᠠᠶᠢᠴᠤᠳ ᠤᠨ ᠡᠭᠦᠳᠡᠨ ᠪᠥᠮᠪᠦᠭᠡ᠂ ᠫᠢᠩᠫᠠᠩ ᠪᠥᠮᠪᠦᠭᠡ ᠶᠢᠨ ᠲᠤᠷᠰᠢᠯᠭ᠎ᠠ ᠰᠤᠯᠢᠯᠴᠠᠬᠤ ᠠᠵᠢᠯᠯᠠᠭ᠎ᠠ  ᠪᠤᠯᠵᠤ ᠦᠩᠭᠡᠷᠡᠪᠡ
ᠨᠡᠶᠢᠲᠡᠯᠡᠭᠰᠡᠨ ᠴᠠᠭ᠄
2022/7/22
   7 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂  ᠠᠵᠢᠯᠴᠢᠨ ᠤ ᠶᠡᠷᠦᠩᠬᠡᠢ ᠡᠪᠯᠡᠯ ᠪᠠ ᠠᠬᠠᠮᠠᠳ ᠺᠠᠳ᠋ᠷᠴᠤᠳ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ 2022 ᠣᠨ ᠤ ︽ᠬᠤᠷᠢᠳᠤᠭᠠᠷ ᠶᠡᠭᠡ ᠬᠤᠷᠠᠯ ᠢᠶᠠᠨ ᠪᠠᠶᠠᠷᠯᠠᠨ ᠤᠭᠲᠤᠵᠤ᠂ ᠰᠢᠨ᠎ᠡ ᠠᠶᠠᠨ ᠵᠠᠮ  ᠳᠠᠭᠠᠨ ᠡᠷᠡᠯᠬᠡᠭᠯᠡᠨ ᠤᠷᠤᠭᠰᠢᠯᠠᠶ᠎ᠠ︾ — ᠪᠥᠬᠦ ᠬᠤᠰᠢᠭᠤᠨ ᠤ ᠢᠳᠡᠷ ᠥᠲᠡᠯᠦᠭᠡ ᠨᠠᠰᠤᠨ ᠤ ᠺᠠᠳ᠋ᠷ ᠠᠵᠢᠯᠳᠠᠳ  ᠤᠨ ᠫᠢᠩᠫᠠᠩ ᠪᠥᠮᠪᠦᠭᠡ ᠶᠢᠨ ᠲᠤᠷᠰᠢᠯᠭ᠎ᠠ ᠰᠤᠯᠢᠯᠴᠠᠬᠤ ᠠᠵᠢᠯᠯᠠᠭ᠎ᠠ ᠪᠠ ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠭᠤᠣᠯᠯᠠᠨ ᠡᠷᠭᠢᠯᠡᠭᠰᠡᠨ 2022 ᠣᠨ ᠤ ᠡᠮᠦᠨᠡᠲᠦ ᠲᠠᠪᠤᠨ ᠬᠤᠰᠢᠭᠤ ᠰᠢᠶᠠᠨ ᠤ  ᠢᠳᠡᠷᠴᠤᠳ ᠨᠠᠰᠤᠳᠠᠶᠢᠴᠤᠳ ᠤᠨ ᠡᠭᠦᠳᠡᠨ ᠪᠥᠮᠪᠦᠭᠡ ᠶᠢᠨ ᠲᠤᠷᠰᠢᠯᠭ᠎ᠠ ᠰᠤᠯᠢᠯᠴᠠᠬᠤ ᠠᠵᠢᠯᠯᠠᠭ᠎ᠠ  ᠠᠮᠵᠢᠯᠲᠠᠲᠠᠢ ᠶᠠᠪᠤᠭᠳᠠᠯ᠎ᠠ᠃  ᠲᠠᠶᠢᠹᠤᠰᠧ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠡᠯ᠎ᠡ ᠪᠠᠶᠢᠭᠤᠯᠭ᠎ᠠ ᠨᠢᠭᠡᠴᠡ ᠶᠢᠨ 20 ᠲᠥᠯᠥᠭᠡᠯᠡᠭᠴᠢᠳ ᠤᠨ ᠠᠩᠭᠢ ᠶᠢᠨ 80 ᠭᠠᠷᠤᠢ ᠬᠥᠮᠥᠨ ᠫᠢᠩᠫᠠᠩ ᠪᠥᠮᠪᠦᠭᠡ ᠶᠢᠨ ᠤᠷᠤᠯᠳᠤᠭᠠᠨ ᠳᠤ  ᠤᠷᠤᠯᠴᠠᠵᠤ᠂ ᠲᠠᠶᠢᠹᠦᠰᠧ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠰᠢᠯᠤᠭᠤᠨ ᠬᠥᠬᠡ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠬᠥᠪᠡᠭᠡᠲᠦ ᠰᠢᠷ᠎ᠠ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠣᠯᠣᠨ ᠳᠣᠯᠣᠨ ᠨᠤᠤᠷ ᠰᠢᠶᠠᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ  ᠵᠡᠷᠭᠡ 6 ᠲᠥᠯᠥᠭᠡᠯᠡᠭᠴᠢᠳ ᠤᠨ ᠠᠩᠭᠢ ᠶᠢᠨ 40 ᠭᠠᠷᠤᠢ ᠬᠥᠮᠥᠨ  ᠡᠭᠦᠳᠡᠨ ᠪᠥᠮᠪᠦᠭᠡ ᠶᠢᠨ ᠤᠷᠤᠯᠳᠤᠭᠠᠨ ᠳᠤ ᠣᠷᠣᠯᠴᠠᠵᠠᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠪᠠᠭᠠᠲᠤᠷ᠂  ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢ ᠵᠢᠦ ᠴᠧᠩ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠸᠧᠨ ᠰᠢᠸ ᠷᠦᠩ ᠵᠢᠴᠢ ᠠᠬᠠᠮᠠᠳ ᠺᠠᠳ᠋ᠷᠴᠤᠳ ᠤᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ ᠤᠨ ᠬᠠᠷᠢᠭᠤᠴᠠᠯᠭᠠᠲᠠᠨ ᠲᠡᠭᠦᠰᠬᠦ ᠶᠣᠰᠣᠯᠠᠯ ᠳᠤ ᠣᠷᠣᠯᠴᠠᠭᠰᠠᠨ ᠪᠥᠭᠡᠳ ᠠᠮᠵᠢᠯᠳᠠ ᠪᠠᠶᠢᠭᠤᠯᠤᠭᠰᠠᠨ  ᠠᠩᠬᠢ ᠨᠢᠭᠡᠴᠡ ᠪᠣᠯᠣᠨ ᠬᠤᠪᠢ ᠬᠥᠮᠥᠨ ᠳᠤ ᠱᠠᠩᠨᠠᠯ ᠭᠠᠷᠳᠠᠭᠤᠯᠪᠠ᠃ ᠬᠤᠶᠠᠷ ᠡᠳᠦᠷ ᠤᠨ ᠬᠤᠷᠴᠠ ᠰᠢᠷᠦᠬᠦᠨ ᠮᠥᠷᠥᠶᠢᠴᠡᠭᠡᠨ ᠢᠶᠠᠷ ᠲᠠᠮᠵᠢᠭᠠᠳ᠂  ᠫᠢᠩᠫᠠᠩ ᠪᠦᠮᠪᠦᠭᠡ ᠶᠢᠨ ᠪᠦᠯᠬᠦᠮ ᠤᠨ ᠤᠷᠤᠯᠳᠤᠭᠠᠨ ᠤ  ᠲᠦᠷᠦᠬᠦᠦ ᠭᠤᠷᠪᠠ ᠳᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠦᠯᠦᠭᠡᠯᠡᠭᠴᠢᠳ ᠤᠨ ᠠᠩᠬᠢ᠂   ᠨᠢᠭᠡᠳᠦᠭᠡᠷ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠯᠪᠣᠭᠠᠲᠤ ᠠᠩᠭᠢ᠂ ᠤᠢ ᠰᠢᠭᠤᠢ  ᠨᠤᠳᠤᠭ ᠪᠡᠯᠴᠢᠭᠡᠷ ᠤᠨ ᠲᠤᠪᠴᠢᠶᠠᠨ ᠤ ᠲᠥᠯᠥᠭᠡᠯᠡᠭᠴᠢᠳ ᠤᠨ ᠠᠩᠭᠢ ᠲᠤᠳᠤᠷᠠᠵᠤ᠂ ᠡᠷᠡᠭᠲᠡᠢ ᠡᠮᠡᠭᠳᠡᠢ ᠶᠢᠨ ᠲᠠᠩ ᠢᠶᠠᠷ ᠴᠣᠬᠢᠬᠤ ᠤᠷᠤᠯᠳᠤᠭᠠᠨ ᠳᠤ ᠨᠢᠦ ᠢᠦᠢ ᠪᠢᠨ᠂ ᠵᠠᠩ ᠪᠦᠦ ᠫᠢᠩ᠂ ᠸᠠᠩ ᠵᠢᠢ ᠮᠧᠢ  ᠂ ᠴᠧᠩ ᡁᠢ ᠬᠤᠸᠠ᠂ ᠴᠠᠢ ᠸᠠᠨ ᠷᠦᠩ᠂ ᠭᠤᠤ ᠰᠢᠶᠣᠣ ᠸᠧᠨ  ᠵᠡᠷᠭᠡ ᠲᠠᠮᠢᠷᠴᠢᠳ ᠰᠢᠯᠭᠠᠷᠠᠭᠰᠠᠨ ᠪᠠᠶᠢᠨ᠎ᠠ᠃  ᠡᠬᠦᠳᠡᠨ ᠪᠦᠮᠪᠦᠭᠡ ᠶᠢᠨ ᠤᠷᠤᠯᠳᠤᠭᠠᠨ ᠳᠤ ᠰᠢᠯᠤᠭᠤᠨ ᠬᠥᠬᠡ ᠬᠤᠰᠢᠭᠤᠨ ᠤ ᠲᠥᠯᠥᠭᠡᠯᠡᠭᠴᠢᠳ ᠤᠨ ᠠᠩᠭᠢ ᠲᠡᠷᠢᠬᠦᠯᠡᠵᠦ᠂ ᠬᠥᠪᠡᠭᠡᠲᠦ ᠰᠢᠷ᠎ᠠ ᠬᠤᠰᠢᠭᠤᠨ ᠤ ᠲᠥᠯᠥᠭᠡᠯᠡᠭᠴᠢᠳ ᠤᠨ ᠠᠩᠭᠢ ᠲᠡᠳ᠋ᠯᠡᠵᠡᠢ᠃ ᠡᠯ᠎ᠡ ᠲᠥᠯᠥᠭᠡᠯᠡᠭᠴᠢᠳ ᠤᠨ ᠠᠩᠭᠢ ᠨᠢ ᠪᠥᠮᠪᠦᠭᠡ ᠪᠠᠷ ᠨᠠᠶᠢᠵᠠᠯᠠᠬᠤ᠂ ᠪᠥᠮᠪᠦᠭᠡ ᠪᠠᠷ ᠨᠥᠬᠦᠷᠯᠡᠬᠦ  ᠬᠦᠰᠡᠯ ᠪᠤᠳᠤᠯ ᠢ ᠡᠪᠦᠷᠯᠡᠨ᠂  ᠤᠷᠤᠯᠳᠤᠭᠠᠨ ᠤ ᠲᠠᠯᠠᠪᠠᠢ ᠳᠤ ᠤᠷ᠎ᠠ ᠮᠡᠷᠭᠡᠵᠢᠯ ᠢᠶᠠᠨ ᠰᠣᠯᠢᠯᠴᠠᠵᠤ᠂  ᠠᠷᠭ᠎ᠠ ᠲᠤᠷᠰᠢᠯᠭ᠎ᠠ ᠪᠠᠨ ᠬᠤᠪᠢᠶᠠᠯᠴᠠᠭᠠᠳ᠂  ᠠᠬᠠᠮᠠᠳᠴᠤᠳ ᠤᠨ ᠠᠮᠢᠳᠤᠷᠠᠯ ᠢᠶᠠᠨ ᠬᠠᠶᠢᠷᠠᠯᠠᠬᠤ ᠵᠣᠷᠢᠭ ᠰᠠᠨᠠᠭ᠎ᠠ ᠂ ᠥᠭᠡᠳᠡᠯᠡᠨ ᠳᠠᠪᠰᠢᠬᠤ ᠴᠤᠭ ᠰᠦᠯᠳᠡ ᠶᠢ   ᠲᠠᠶᠠᠭᠠᠷ ᠲᠤ ᠬᠠᠷᠠᠭᠤᠯᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号