ᠰᠦᠨ ᠱᠣᠣ ᠴᠧᠩ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/7/25
   7 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠸ ᠴᠧᠩ ᠰᠢᠯᠢ ᠶᠢᠨ ᠭᠤᠣᠯ ᠠᠶᠢᠮᠠᠭ ᠤᠨ ᠲᠠᠶᠢᠹᠤᠰᠧ ᠬᠤᠰᠢᠭᠤᠨ ᠳᠤ ᠠᠵᠤ ᠦᠢᠯᠡᠰ ᠤᠨ ᠬᠥᠭᠵᠢᠯᠲᠡ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠤᠨ ᠪᠠᠶᠢᠳᠠᠯ  ᠤᠨ ᠲᠤᠬᠠᠢ  ᠪᠠᠶᠢᠴᠠᠭᠠᠨ ᠰᠤᠳᠤᠯᠤᠯᠲᠠ ᠬᠢᠪᠡ  ᠃  ᠰᠦᠨ ᠱᠤᠤ ᠴᠧᠩ ᠲᠠᠯ᠎ᠠ ᠨᠤᠲᠤᠭ ᠠᠷᠢᠬᠢ ᠨᠡᠷᠡᠬᠦ ᠺᠣᠮᠫᠠᠨᠢ᠂  ᠲᠠᠩ ᠾᠧ ᠰᠢᠨᠵᠢᠯᠡᠭᠡ ᠮᠡᠷᠭᠡᠵᠢᠯ ᠤᠨ ᠺᠣᠮᠫᠠᠨᠢ   ᠶᠢᠨ ᠦᠢᠯᠡᠳᠪᠦᠷᠢ ᠶᠢᠨ ᠲᠠᠰᠤᠭ᠂ ᠦᠵᠡᠭᠦᠯᠦᠯᠭᠡ ᠶᠢᠨ ᠲᠢᠩᠬᠢᠮ ᠢ ᠲᠤᠭᠤᠷᠢᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠨ  ᠦᠢᠯᠡᠳᠪᠦᠷᠢᠯᠡᠯ ᠤᠨ ᠦᠷᠳᠡᠭ᠂ ᠪᠣᠷᠤᠯᠠᠭᠤᠯᠭ᠎ᠠ ᠶᠢᠨ ᠨᠤᠷᠮ᠎ᠠ᠂ ᠠᠰᠢᠭ ᠤᠷᠤᠯᠭ᠎ᠠ ᠪᠠ ᠭᠠᠶᠢᠯᠢ ᠶᠢᠨ ᠪᠠᠶᠢᠳᠠᠯ ᠢ ᠨᠠᠷᠢᠨ ᠤᠶᠢᠯᠠᠭᠠᠭᠰᠠᠨ ᠪᠦᠭᠡᠳ  ᠦᠢᠯᠡᠳᠪᠦᠷᠢᠯᠡᠯ ᠤᠨ ᠤᠷ᠎ᠠ ᠮᠡᠷᠭᠡᠵᠢᠯ᠂  ᠵᠠᠬ᠎ᠠ ᠳᠡᠯᠭᠡᠭᠦᠷ ᠤᠨ ᠪᠣᠷᠤᠯᠠᠭᠤᠯᠭ᠎ᠠ᠂ ᠠᠵᠢᠯ ᠣᠯᠭᠤᠯᠲᠠ ᠵᠡᠷᠭᠡ ᠲᠠᠯ᠎ᠠ  ᠪᠠᠷ ᠲᠠᠨᠢᠯᠴᠠᠭᠤᠯᠭ᠎ᠠ ᠶᠢ ᠰᠤᠨᠤᠰᠤᠭᠠᠳ᠂ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠤᠨᠢᠨ ᠳᠡᠭᠡᠷ᠎ᠡ ᠨᠢ ᠵᠣᠯᠭᠠᠭᠤᠯᠵᠤ ᠂ ᠦᠢᠯᠡᠳᠪᠦᠷᠢᠯᠡᠯ ᠤᠨ ᠮᠡᠷᠭᠡᠵᠢᠯ ᠢᠶᠠᠨ ᠢᠳᠡᠪᠬᠢᠲᠡᠢ ᠰᠠᠶᠢᠵᠢᠷᠠᠭᠤᠯᠤᠨ᠂ ᠡᠵᠡᠩᠨᠡᠯᠲᠡ ᠶᠢᠨ ᠦᠷ᠎ᠡ ᠠᠰᠢᠭ ᠢᠶᠠᠨ ᠳᠡᠭᠡᠭᠰᠢᠯᠡᠭᠦᠯᠬᠦ ᠭᠡᠷᠡᠭᠳᠡᠢ ᠬᠡᠵᠦ ᠠᠵᠤ ᠠᠬᠤᠶᠢᠯᠠᠯ  ᠢ ᠵᠤᠷᠢᠬᠵᠢᠭᠤᠯᠤᠭᠰᠠᠨ ᠪᠠᠶᠢᠨ᠎ᠠ᠃ ᠲᠡᠷᠡ ᠬᠡᠯᠡᠬᠦ ᠳᠡᠭᠡᠨ᠂ ᠨᠥᠬᠦᠴᠡᠯ ᠲᠠᠢ ᠠᠵᠤ ᠠᠬᠤᠶᠢᠯᠠᠯ ᠨᠢ ᠪᠡᠶᠡᠴᠢᠯᠡᠨ ᠣᠶᠢᠯᠠᠭᠠᠬᠤ ᠮᠠᠶ᠋ᠢᠭ ᠤᠨ ᠠᠵᠤ ᠦᠢᠯᠡᠳᠪᠦᠷᠢ ᠶᠢᠨ ᠵᠢᠭᠤᠯᠴᠢᠯᠠᠯ ᠢ ᠬᠥᠭᠵᠢᠭᠦᠯᠵᠦ᠂ ᠦᠢᠯᠡᠳᠪᠦᠷᠢ ᠶᠢᠨ ᠲᠣᠭᠤᠷᠢᠭ ᠤᠨ ᠦᠵᠡᠮᠵᠢ᠂ ᠦᠢᠯᠡᠳᠪᠦᠷᠢᠯᠡᠯ ᠤᠨ ᠶᠠᠪᠤᠴᠠ᠂ ᠠᠵᠤ ᠠᠬᠤᠶᠢᠯᠠᠯ ᠤᠨ ᠰᠣᠶᠣᠯ᠂ ᠦᠢᠯᠡᠳᠬᠦᠨ ᠤ ᠳᠡᠯᠭᠡᠨ ᠪᠤᠷᠤᠯᠠᠭᠤᠯᠬᠤ ᠠᠵᠢᠯᠯᠠᠭ᠎ᠠ ᠵᠡᠷᠭᠡ ᠪᠠᠷ ᠠᠴᠢᠶᠠᠯᠠᠪᠤᠷᠢ ᠪᠤᠯᠭᠠᠨ᠂ ᠨᠡᠩ ᠤᠯᠠᠨ ᠬᠥᠮᠥᠰ ᠢ ᠤᠷᠤᠨ ᠲᠤᠭᠤᠷᠢᠭ ᠲᠤ ᠣᠷᠣᠭᠤᠯᠤᠨ ᠠᠵᠤ ᠠᠬᠤᠶᠢᠯᠠᠯ ᠳᠤ ᠣᠷᠣᠭᠤᠯᠵᠤ᠂ ᠦᠢᠯᠡᠳᠬᠦᠨ ᠢ ᠤᠬᠠᠭᠤᠯᠬᠤ᠂ ᠨᠥᠯᠥᠭᠡ ᠶᠢ ᠥᠷᠭᠡᠳᠬᠡᠬᠦ᠂ ᠵᠠᠬ᠎ᠠ ᠳᠡᠯᠭᠡᠭᠦᠷ ᠢ ᠨᠡᠭᠡᠭᠡᠬᠦ᠂ ᠠᠰᠢᠭ ᠣᠷᠣᠯᠭ᠎ᠠ ᠶᠢ ᠨᠡᠮᠡᠭᠳᠡᠭᠦᠯᠬᠦ ᠵᠣᠷᠢᠯᠭ᠎ᠠ ᠳᠠᠭᠠᠨ ᠬᠦᠷᠴᠦ ᠪᠣᠯᠣᠨ᠎ᠠ ᠬᠡᠵᠡᠢ᠃ ᠰᠦᠨ ᠱᠣᠸ ᠴᠧᠩ ᠪᠠᠰᠠ ᠬᠤᠩ ᠵᠢᠩ ᠶᠤᠸᠠᠨ ᠢᠳᠡᠰᠢᠨ ᠲᠣᠰᠣᠨ ᠤ ᠬᠢᠵᠠᠭᠠᠷᠲᠤ ᠺᠣᠮᠫᠠᠨᠢ ᠳᠤ ᠬᠦᠷᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠣᠶᠢᠯᠠᠭᠠᠪᠠ᠃ ᠰᠦᠨ ᠱᠤᠤ ᠴᠧᠩ   ᠲᠤᠰ ᠺᠣᠮᠫᠠᠨᠢ  ᠶᠢᠨ ᠦᠢᠯᠡᠳᠪᠦᠷᠢ ᠶᠢᠨ ᠲᠠᠰᠤᠭ᠂ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠲᠣᠰᠣᠯᠢᠭ ᠲᠠᠷᠢᠮᠠᠯ ᠤᠨ ᠠᠵᠤ ᠦᠢᠯᠡᠰ ᠢ ᠲᠠᠶᠢᠴᠢᠯᠠᠭᠰᠠᠨ ᠪᠠ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠬᠦᠯᠦᠭᠰᠡᠨ ᠪᠠᠶᠢᠳᠠᠯ ᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ ᠬᠢᠨ ᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠣᠮᠣ ᠲᠠᠪᠴᠠᠩ ᠳᠤ ᠲᠦᠰᠢᠭᠯᠡᠨ᠂ ᠵᠠᠬ᠎ᠠ ᠳᠡᠯᠭᠡᠭᠦᠷ  ᠪᠠ ᠬᠡᠷᠡᠭᠯᠡᠭᠴᠢ ᠶᠢ ᠣᠨᠣᠪᠴᠢᠲᠠᠢ ᠡᠷᠢᠨ ᠣᠯᠵᠤ᠂ ᠪᠣᠷᠤᠯᠠᠭᠤᠯᠭ᠎ᠠ ᠶᠢᠨ ᠠᠷᠭ᠎ᠠ ᠵᠠᠮ ᠢᠶᠠᠨ ᠴᠢᠨᠠᠭᠰᠢᠳᠠ ᠦᠷᠭᠡᠳᠬᠡᠨ᠂  ᠪᠣᠳᠠᠲᠤ ᠬᠦᠴᠦᠨ ᠢᠶᠠᠨ ᠲᠠᠰᠤᠷᠠᠯᠲᠠ ᠦᠭᠡᠢ ᠪᠤᠵᠠᠭᠠᠶᠢᠷᠠᠭᠤᠯᠬᠤ ᠬᠡᠷᠡᠭᠲᠡᠢ ᠭᠡᠵᠦ ᠵᠠᠬᠢᠭᠰᠠᠨ ᠪᠠᠶᠢᠨ᠎ᠠ᠃ ᠲᠡᠷᠡ  ᠬᠡᠯᠡᠬᠦ  ᠳᠡᠭᠡᠨ᠂ ᠪᠢᠳᠡ ᠣᠳᠣ ᠶᠠᠭ ᠤᠯᠤᠰ ᠤᠨ ᠴᠢᠬᠤᠯᠠ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ   ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ ᠪᠤᠢ᠂  ᠡᠨᠡ  ᠬᠦ᠋ ᠶᠡᠭᠡ ᠶᠠᠪᠤᠳᠠᠯ   ᠢ ᠰᠠᠶᠢᠲᠤᠷ ᠠᠳᠬᠤᠬᠤ ᠳᠤ ᠡᠷᠬᠡᠪᠰᠢ ᠨᠢᠭᠡᠳᠦᠯᠲᠡᠢ ᠲᠦᠯᠦᠪᠵᠢᠬᠦᠯᠭᠡ ᠶᠢ ᠰᠠᠶᠢᠨ ᠬᠢᠬᠦ   ᠶᠢ ᠨᠡᠩ ᠢᠯᠡᠭᠦᠦ ᠴᠢᠬᠤᠯᠠᠴᠢᠯᠠᠵᠤ᠂ ᠬᠡᠪᠴᠢᠶᠡᠵᠢᠭᠦᠯᠦᠨ ᠬᠥᠭᠵᠢᠭᠦᠯᠬᠦ   ᠶᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠵᠦᠢ ᠵᠣᠬᠢᠰᠲᠠᠢ ᠪᠠᠶᠢᠷᠢᠰᠢᠭᠤᠯᠵᠤ᠂  ᠲᠤᠭᠤᠷᠢᠭ ᠬᠤᠪᠢᠶᠠᠨ ᠬᠡᠰᠡᠭ ᠬᠤᠪᠢᠶᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠪᠠ ᠴᠢᠨᠠᠷ ᠰᠠᠶᠢᠲᠠᠢ ᠲᠡᠵᠢᠭᠡᠯ ᠡᠪᠡᠰᠦ ᠶᠢ  ᠬᠡᠪᠴᠢᠶᠡᠵᠢᠭᠦᠯᠦᠨ ᠲᠠᠷᠢᠵᠤ᠂ ᠬᠡᠮᠵᠢᠶ᠎ᠡ ᠶᠢ ᠶᠡᠬᠡᠰᠭᠡᠨ᠂  ᠢᠯᠡ ᠲᠣᠳᠣ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠪᠦᠰᠡ ᠨᠦᠭᠦᠳ ᠢ ᠪᠤᠢ ᠪᠣᠯᠭᠠᠵᠤ᠂ ᠭᠡᠪᠴᠢᠶᠡᠵᠢᠯ ᠤᠨ ᠦᠢᠯᠡᠳᠦᠯ ᠢ ᠪᠤᠢ ᠪᠤᠯᠭᠠᠨ ᠂ ᠬᠤᠪᠢ ᠬᠤᠪᠢᠨ ᠳᠠᠭᠠᠨ ᠬᠢᠬᠦ ᠶᠢ ᠰᠡᠷᠭᠡᠶᠢᠯᠡᠬᠦ ᠬᠡᠷᠡᠭᠲᠡᠢ ᠬᠡᠵᠡᠢ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号