ᠴᠠᠩ ᠫᠢᠩ ᠲᠣᠭᠤᠷᠢᠭ ᠤᠨ ᠠᠷᠠᠳᠴᠢᠯᠠᠭᠰᠠᠨ ᠨᠠᠮ ᠪᠦᠯᠦᠭ ᠪᠠ ᠠᠵᠤ ᠠᠬᠤᠶᠢᠯᠠᠯ ᠤᠨ ᠬᠢᠨ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/7/25
 7 ᠰᠠᠷ᠎ᠠ ᠶᠢᠨ 22 ᠤᠨ ᠡᠳᠦᠷ᠂ ᠪᠡᠭᠡᠵᠢᠩ ᠬᠤᠲᠠ ᠶᠢᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠴᠠᠩᠫᠢᠩ ᠲᠣᠭᠤᠷᠢᠭ ᠤᠨ ᠶᠡᠷᠦᠩᠬᠡᠢ ᠰᠠᠯᠪᠤᠷᠢ ᠡᠬᠦᠷ᠂ ᠶᠠᠩ ᠾᠧ ᠬᠤᠪᠢ ᠣᠷᠣᠭᠤᠯᠤᠯᠲᠠ ᠶᠢᠨ ᠺᠤᠮᠫᠠᠨᠢ ᠶᠢᠨ  ᠬᠢᠨ  ᠴᠠᠩ ᠫᠢᠩ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠢᠶᠠᠷ ᠳᠡᠮᠵᠢᠨ ᠲᠠᠶᠢᠹᠤᠰᠧ ᠬᠤᠰᠢᠭᠤᠨ ᠳᠤ  ᠲᠤᠰᠪᠤᠷᠢ 4 ᠲᠦᠮᠡ ᠭᠠᠷᠤᠢ ᠲᠥᠭᠦᠷᠢᠭ ᠤᠨ ᠥᠷᠲᠡᠭ ᠪᠦᠬᠦᠢ ᠰᠤᠷᠤᠯᠴᠠᠬᠤ ᠮᠠᠰᠢᠨ ᠪᠠ 3 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠬᠠᠨᠳᠢᠪᠯᠡᠪᠠ᠃  ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢ ᠵᠤᠬᠢᠴᠠᠭᠤᠯᠭ᠎ᠠ ᠶᠢᠨ ᠠᠵᠢᠯ  ᠢ ᠢᠳᠡᠪᠬᠢᠲᠡᠢ  ᠬᠢᠵᠦ᠂ ᠬᠠᠪᠰᠤᠷᠤᠨ ᠲᠡᠳᠬᠦᠬᠦ  ᠠᠵᠠ ᠲᠤᠬᠢᠶᠠᠯ ᠢ ᠰᠠᠶᠢᠳᠤᠷ ᠠᠳᠬᠤᠨ᠂  ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠠᠬᠢᠭᠤᠯᠬᠤ ᠳᠤ ᠶᠡᠭᠡ ᠬᠡᠮᠵᠢᠶᠡᠨ ᠤ ᠪᠦᠲᠦᠮᠵᠢᠲᠡᠶ ᠠᠵᠢᠯ ᠢ ᠬᠢᠭᠰᠡᠨ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠠᠴᠠ ᠴᠠᠩ ᠫᠢᠩ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠵᠢᠴᠢ ᠠᠷᠠᠳᠴᠢᠯᠠᠭᠰᠠᠨ ᠨᠠᠮ ᠪᠦᠯᠦᠭ ᠤᠨ ᠬᠥᠮᠥᠰ᠂ ᠠᠵᠤ ᠠᠬᠤᠶᠢᠯᠠᠯ ᠤᠨ ᠲᠥᠯᠥᠭᠡᠯᠡᠭᠴᠢᠳ ᠲᠤ ᠲᠠᠯᠠᠷᠬᠠᠯ ᠢᠯᠡᠷᠭᠡᠶᠢᠯᠡᠬᠦ ᠶᠢᠨ ᠬᠠᠮᠲᠤ᠂  ᠡᠨᠡ  ᠤᠳᠠᠭᠠᠨ ᠤ  ᠬᠠᠨᠳᠢᠪ ᠤᠨ ᠠᠵᠢᠯᠯᠠᠭ᠎ᠠ ᠨᠢ ᠬᠤᠶᠠᠷ ᠭᠠᠵᠠᠷ ᠤᠨ ᠬᠠᠮᠵᠢᠯᠴᠠᠭᠠᠨ ᠤ ᠪᠣᠳᠠᠲᠠᠢ ᠢᠯᠡᠷᠡᠯ ᠪᠣᠯᠬᠤ ᠪᠠᠷ ᠪᠠᠷᠠᠬᠤ ᠦᠭᠡᠢ᠂ ᠨᠡᠩ ᠴᠤ ᠬᠤᠶᠠᠷ ᠭᠠᠵᠠᠷ ᠤᠨ  ︽ᠲᠦᠮᠡᠨ ᠠᠵᠤ ᠠᠬᠤᠶᠢᠯᠠᠯ ᠢᠶᠠᠷ ᠲᠦᠮᠡᠨ ᠭᠠᠴᠠᠭ᠎ᠠ ᠲᠣᠰᠬᠤᠨ ᠢ ᠬᠦᠭᠵᠢᠬᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠤ ᠬᠦᠴᠦᠨ ᠨᠡᠮᠡᠷᠢᠯᠡᠬᠦ ᠬᠦᠴᠦᠲᠡᠢ ᠦᠢᠯᠡᠳᠦᠯᠭᠡ ᠪᠣᠯᠣᠨ᠎ᠠ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ   ᠨᠢ ᠴᠠᠩ ᠫᠢᠩ ᠲᠣᠭᠤᠷᠢᠭ ᠤᠨ ᠨᠢᠭᠡᠳᠦᠮᠡᠯ ᠹᠷᠣᠨᠲ ᠤᠨ ᠬᠡᠯᠲᠡᠰ ᠲᠠᠢ ᠬᠠᠮᠳᠤᠷᠠᠯᠴᠠᠭ᠎ᠠ ᠪᠠᠨ ᠤᠯᠠᠮ  ᠨᠢᠬᠳᠠᠷᠠᠭᠤᠯᠵᠤ᠂ ᠬᠤᠶᠠᠷ ᠭᠠᠵᠠᠷ ᠤᠨ ᠡᠯ᠎ᠡ ᠡᠲᠡᠭᠡᠳ ᠤᠨ ᠬᠥᠮᠥᠰ ᠵᠢᠴᠢ ᠨᠡᠶᠢᠭᠡᠮ ᠤᠨ ᠪᠦᠯᠬᠦᠮ ᠤᠨ ᠬᠠᠮᠲᠤᠷᠠᠯᠴᠠᠭᠠᠨ ᠤ ᠡᠷᠴᠢᠮ ᠢ ᠤᠯᠠᠮ ᠴᠢᠩᠭᠠᠷᠠᠭᠤᠯᠤᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠠᠴᠢᠶᠠᠯᠠᠪᠤᠷᠢ ᠪᠣᠯᠭᠠᠵᠤ᠂ ᠨᠢᠭᠡᠳᠦᠮᠡᠯ ᠹᠷᠣᠨᠲ ᠤᠨ ᠬᠡᠯᠲᠡᠰ ᠤᠨ ᠬᠦᠮᠦᠨ ᠤ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠬᠡᠵᠦ ᠢᠯᠡᠳᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号