ᠵᠧᠦ ᠰᠢᠶᠠᠩ ᠸᠧᠢ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/7/25
 7 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠰᠢᠶᠠᠩ ᠸᠧᠢ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠨᠠᠮ ᠤᠨ ᠪᠠᠶᠢᠭᠤᠯᠤᠯᠲᠠ  ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠬᠤ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ ᠬᠤᠰᠢᠭᠤᠨ ᠤ ᠤᠳᠤᠷᠢᠳᠤᠯᠭ᠎ᠠ ᠵᠣᠣ ᠹᠧᠢ ᠫᠧᠩ᠂ ᠸᠠᠩ ᠸᠧᠢ ᠬᠤᠩ᠂ ᠯᠢ ᠴᠦᠨ ᠭᠤᠸᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠵᠧᠦ ᠰᠢᠶᠠᠩ ᠸᠧᠢ ᠵᠡᠷᠭᠡ ᠤᠳᠤᠷᠢᠳᠤᠯᠭ᠎ᠠ ᠴᠢᠶᠠᠨ ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ ᠳᠤ ᠬᠦᠷᠴᠦ᠂  ᠠᠵᠤ ᠦᠢᠯᠡᠰ ᠤᠨ ᠲᠦᠷᠦᠯ ᠵᠦᠢᠯ ᠢ ᠪᠠᠶᠢᠴᠠᠭᠠᠨ ᠦᠵᠡᠭᠰᠡᠨ ᠪᠦᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠠᠶᠢᠳᠠᠯ ᠵᠡᠷᠭᠡ ᠶᠢ ᠨᠠᠷᠢᠨ ᠤᠶᠢᠯᠠᠭᠠᠭᠰᠠᠨ ᠪᠠᠶᠢᠨ᠎ᠠ᠃ ᠵᠧᠦ ᠰᠢᠶᠠᠩ ᠸᠧᠢ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠠᠵᠢᠯ ᠢ ᠭᠦᠢᠴᠡᠳ ᠨᠤᠳ᠋ᠯᠠᠭᠰᠠᠨ ᠤ ᠬᠠᠮᠲᠤ᠂ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠵᠧᠦ ᠰᠢᠶᠠᠩ ᠸᠧᠢ ᠴᠢᠬᠤᠯᠠᠴᠢᠯᠠᠬᠤ ᠳᠠᠭᠠᠨ  ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢ ᠠᠷᠠᠳ ᠲᠦᠮᠡᠨ ᠤ ᠠᠵᠠ ᠵᠢᠷᠭᠠᠯ ᠳᠤ  ᠬᠤᠯᠪᠤᠭᠳᠠᠬᠤ ᠲᠤᠮᠤ ᠠᠵᠢᠯ ᠪᠤᠯᠤᠨ᠎ᠠ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠠᠵᠢᠯ ᠢ ᠪᠣᠳᠠᠲᠠᠢ  ᠠᠳᠬᠤᠨ᠂ ᠠᠭᠤᠰᠤᠯᠴᠠᠨ ᠬᠥᠭᠵᠢᠬᠦ ᠶᠢ ᠴᠢᠩᠭᠠᠳᠬᠠᠵᠤ᠂  ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠬᠦᠴᠦ ᠣᠷᠣᠭᠤᠯᠤᠨ ᠰᠠᠶᠢᠲᠤᠷ ᠴᠤᠭᠴᠠᠯᠠᠵᠤ  ᠂ ᠤᠯᠤᠰ ᠲᠦᠷᠦ ᠶᠢᠨ ᠴᠢᠳᠠᠪᠬᠢ ᠪᠣᠯᠣᠨ ᠦᠢᠯᠡᠴᠢᠯᠡᠭᠡᠨ ᠤ ᠴᠢᠳᠠᠪᠬᠢ ᠶᠢ   ᠨᠡᠮᠡᠭᠳᠡᠬᠦᠯᠦᠨ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾  ᠤᠨ ᠲᠦᠷᠦ ᠶᠢᠨ ᠪᠣᠳᠣᠯᠭ᠎ᠠ ᠤᠨᠤᠯ ᠤᠨ ᠪᠣᠯᠪᠠᠰᠤᠷᠠᠯ ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂  ᠨᠠᠷᠢᠯᠢᠭ ᠵᠠᠰᠠᠵᠤ ᠣᠨᠣᠴᠠᠲᠠᠢ ᠦᠢᠯᠡᠴᠢᠯᠡᠨ᠂  ᠪᠠᠳᠤ ᠴᠢᠩᠭ᠎ᠠ ᠬᠦᠴᠦᠨ ᠲᠠᠢ᠂ ᠠᠷᠠᠳ ᠤᠨ ᠲᠥᠯᠥᠭᠡ  ᠪᠤᠳᠠᠳᠠᠢ ᠠᠵᠢᠯ ᠬᠢᠳᠡᠭ ᠲᠠᠶᠢᠴᠢᠨ ᠪᠠᠬᠢᠯᠡᠯᠲᠡ ᠶᠢ ᠪᠦᠬᠦ ᠬᠦᠴᠦᠨ ᠢᠶᠠᠷ ᠴᠣᠭᠴᠠᠯᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠤᠯᠠᠨ ᠲᠦᠮᠡᠨ ᠢ ᠳᠠᠭᠠᠭᠤᠯᠤᠨ ᠴᠢᠨᠡᠭᠡᠯᠢᠭᠵᠢᠭᠦᠯᠬᠦ ᠦᠢᠯᠡᠳᠦᠯ ᠪᠠ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂  ᠠᠷᠭ᠎ᠠ ᠰᠡᠳᠬᠢᠴᠡ ᠶᠢᠨ ᠰᠢᠨ᠎ᠡ ᠶᠢ ᠡᠬᠦᠳᠦᠨ᠂ ᠲᠣᠰᠬᠤᠨ ᠤ ᠣᠷᠣᠯᠭ᠎ᠠ ᠶᠢ ᠨᠡᠮᠡᠭᠳᠡᠭᠦᠯᠬᠦ᠂ ᠲᠣᠰᠬᠤᠨ ᠤ ᠠᠷᠠᠳ ᠢ ᠴᠢᠨᠡᠭᠡᠯᠢᠭᠵᠢᠭᠦᠯᠬᠦ ᠰᠢᠨ᠎ᠡ ᠵᠠᠮ ᠢ ᠬᠠᠶᠢᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠯ᠎ᠡ ᠲᠦᠷᠦᠯ ᠤᠨ ᠡᠭᠦᠷᠭᠡ ᠶᠢ  ᠪᠤᠳᠠᠳᠠᠢ ᠮᠦᠷᠳᠡᠭᠡᠨ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号