ᠠᠶᠢᠮᠠᠭ ᠤᠨ ᠠᠵᠢᠯᠴᠢᠨ ᠤ ᠡᠪᠯᠡᠯ ᠲᠠᠶᠢᠹᠤᠰᠧ ᠬᠤᠰᠢᠭᠤᠨ ᠤ ᠠᠵᠢᠯᠳᠠᠳ ᠢ ᠬᠠᠯᠠᠮᠵᠢᠯᠠᠨ ᠲᠤᠬᠤᠨᠢᠭᠤᠯᠤᠭᠰᠠᠨ
ᠨᠡᠶᠢᠲᠡᠯᠡᠭᠰᠡᠨ ᠴᠠᠭ᠄
2022/7/26
  7 ᠰᠠᠷ᠎ᠠ ᠶᠢᠨ 25  ᠤ ᠡᠳᠦᠷ᠂ ᠠᠶᠢᠮᠠᠭ ᠤᠨ ᠠᠵᠢᠯᠴᠢᠨ ᠤ ᠡᠪᠯᠡᠯ ᠤᠨ ᠳᠡᠳ᠋ ᠲᠡᠷᠢᠭᠦᠯᠡᠭᠴᠢ ᠡᠷᠭᠡ ᠶᠢᠨ ᠲᠠᠭᠠᠭᠤᠯᠤᠭᠰᠠᠨ ᠲᠤᠬᠤᠨᠢᠭᠤᠯᠬᠤ ᠪᠦᠯᠬᠦᠮ ᠰᠢᠯᠢ ᠶᠢᠨ ᠭᠤᠣᠯ ᠤᠨ ᠠᠨ ᠱᠦᠨ ᠲᠡᠭᠡᠭᠡᠪᠦᠷᠢ ᠶᠢᠨ  ᠪᠤᠤᠴᠠᠩ ᠠᠶᠠᠨᠴᠢᠳ ᠤᠨ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠳᠤ ᠬᠦᠨᠵᠡᠬᠡᠶᠢᠷᠡᠵᠦ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂  ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨᠠᠮ  —  ᠬᠦᠳᠡᠯᠮᠦᠷᠢᠴᠢᠳ ᠲᠤ ᠬᠦᠨᠳᠦᠳᠬᠡᠯ ᠳᠡᠪᠰᠢᠭᠦᠯᠦᠶ᠎ᠡ︾  ᠵᠤᠨ ᠤ ᠤᠯᠠᠷᠢᠯ ᠤᠨ ᠬᠠᠯᠠᠮᠵᠢᠯᠠᠨ ᠲᠤᠬᠤᠨᠢᠭᠤᠯᠬᠤ ᠠᠵᠢᠯᠯᠠᠭ᠎ᠠ ᠥᠷᠨᠢᠭᠦᠯᠵᠡᠢ᠃ ᠬᠤᠰᠢᠭᠤᠨ ᠤ ᠤᠳᠤᠷᠢᠳᠤᠯᠭ᠎ᠠ ᠶᠢᠨ ᠶᠦᠩ ᠾᠧ᠂ ᠳ᠋ᠦ᠋ ᠸᠧᠢ᠂ ᠵᠣᠣ ᠶᠦᠩ ᠠᠵᠢᠯᠯᠠᠭ᠎ᠠ ᠳᠤ ᠤᠷᠤᠯᠴᠠᠪᠠ᠃ ᠲᠣᠬᠤᠨᠢᠭᠤᠯᠬᠤ  ᠪᠦᠯᠬᠦᠮ ᠤᠨ ᠬᠢᠨ 17200 ᠲᠥᠭᠦᠷᠢᠭ ᠤᠨ ᠥᠷᠲᠡᠭ ᠪᠦᠬᠦᠢ ᠬᠠᠯᠠᠭᠤᠨ ᠠᠴᠠ ᠰᠡᠷᠭᠡᠶᠢᠯᠡᠬᠦ ᠡᠳ᠋ ᠪᠣᠳᠠᠰ ᠢ ᠠᠵᠢᠯᠲᠠᠳ ᠲᠤ ᠭᠠᠷᠳᠠᠭᠤᠯᠤᠨ᠂ ᠥᠷᠭᠡᠨ ᠤᠯᠠᠨ ᠡᠮᠦᠨ᠎ᠡ ᠹᠷᠣᠨᠲ ᠤᠨ ᠠᠵᠢᠯᠳᠠᠳ ᠤᠨ ᠠᠭᠠᠬᠢᠮ᠎ᠠ ᠬᠠᠯᠠᠭᠤᠨ ᠢ ᠬᠠᠶᠢᠬᠤᠷᠤᠯ ᠦᠬᠡᠢ ᠠᠵᠢᠯ ᠦᠢᠯᠡᠰ ᠲᠡᠭᠡᠨ ᠮᠡᠷᠡᠶᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠤᠬᠢᠴᠠᠨ᠂  ᠴᠠᠭ ᠢᠮᠠᠭᠳᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠤᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠭᠰᠡᠨ ᠤ ᠬᠠᠮᠳᠤ᠂  ᠪᠡᠶ᠎ᠡ ᠶᠢᠨ ᠡᠷᠡᠭᠦᠯ ᠮᠡᠨᠳᠦ ᠪᠠᠨ ᠠᠩᠬᠠᠷᠴᠤ᠂ ᠡᠷᠡᠭᠦᠯ ᠴᠢᠭᠢᠷᠠᠭ ᠪᠡᠶ᠎ᠡ ᠮᠠᠬᠠᠪᠤᠳ ᠪᠣᠯᠣᠨ ᠰᠢᠯᠢᠳᠡᠭ ᠰᠠᠶᠢᠨ ᠦᠢᠯᠡᠴᠢᠯᠡᠭᠡ ᠪᠠᠷ ᠠᠶᠠᠨᠴᠢᠳ ᠤᠨ ᠲᠡᠭᠡᠭᠡᠪᠦᠷᠢ ᠶᠢᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠬᠦᠯᠳᠦᠬᠡᠢ ᠭᠡᠵᠦ ᠵᠠᠬᠢᠭᠰᠠᠨ ᠪᠠᠶᠢᠨ᠎ᠠ᠃  ᠲᠤᠬᠤᠨᠢᠭᠤᠯᠭ᠎ᠠ ᠬᠦᠯᠢᠶᠡᠭᠰᠡᠨ ᠠᠵᠢᠯᠳᠠᠳ  ᠠᠵᠢᠯᠴᠢᠨ ᠤ ᠡᠪᠯᠡᠯ ᠤᠨ ᠬᠠᠶᠢᠷ᠎ᠠ ᠬᠠᠯᠠᠮᠵᠢ ᠶᠢ ᠣᠯᠠᠨ ᠲᠦᠮᠡᠨ ᠳᠤ ᠦᠢᠯᠡᠴᠢᠯᠡᠬᠦ ᠬᠠᠯᠠᠭᠤᠨ ᠵᠤᠷᠢᠭ ᠪᠣᠯᠭᠠᠨ ᠬᠤᠪᠢᠷᠠᠭᠤᠯᠵᠤ᠂ ᠡᠮᠦᠨ᠎ᠡ ᠹᠷᠣᠨᠲ   ᠢ ᠢᠳᠡᠪᠬᠢᠲᠡᠢ  ᠰᠠᠬᠢᠨ ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠦ᠂ ᠨᠠᠩ ᠣᠷᠭᠢᠯᠤᠮ᠎ᠠ ᠬᠠᠯᠠᠭᠤᠨ ᠲᠡᠮᠡᠴᠡᠯ ᠤᠨ ᠵᠣᠷᠢᠭ᠂ ᠨᠠᠩ ᠪᠣᠳᠠᠲᠠᠢ   ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠠᠷᠠᠳ ᠲᠦᠮᠡᠨ ᠳᠤ ᠦᠢᠯᠡᠴᠢᠯᠡᠨ᠎ᠡ ᠭᠡᠵᠦ ᠢᠯᠡᠷᠬᠡᠶᠢᠯᠡᠵᠡᠢ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号