ᠲᠠᠶᠢᠹᠤᠰᠧ ᠬᠤᠰᠢᠭᠤ ᠶᠢᠨ ᠹᠧᠩ ᠰᠢᠨᠵᠢᠯᠡᠭᠡ ᠮᠡᠷᠭᠡᠵᠢᠯ ᠤᠨ ᠪᠦᠯᠦᠭᠯᠡᠯ ᠲᠠᠢ ᠰᠢᠨ᠎ᠡ ᠡᠨᠧᠷᠭᠢ ᠶᠢᠨ ᠠᠵᠢᠯ ᠤᠨ ᠬᠠᠮᠳᠤᠷᠠᠯᠴᠠᠭᠠᠨ ᠤ ᠲᠤᠬᠠᠢ ᠶᠠᠷᠢᠯᠴᠠᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2022/7/26
    7 ᠰᠠᠷ᠎ᠠ ᠶᠢᠨ 25 ᠤ ᠡᠳᠦᠷ᠂  ᠬᠤᠰᠢᠭᠤ ᠨᠠᠮ ᠤᠨ ᠬᠤᠷᠢᠶᠠᠨ ᠤ  ᠲᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠶᠢᠨ ᠹᠧᠩ ᠰᠢᠨᠵᠢᠯᠡᠭᠡ ᠮᠡᠷᠭᠡᠵᠢᠯ ᠤᠨ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ  ᠯᠢᠦ ᠿᠢ ᠰᠢᠨ ᠨᠠᠷ ᠲᠠᠢ ᠶᠠᠷᠢᠯᠴᠠᠵᠤ᠂  ᠰᠢᠨ᠎ᠡ ᠡᠨᠧᠷᠭᠢ ᠶᠢᠨ ᠠᠵᠢᠯ ᠤᠨ ᠬᠠᠮᠳᠤᠷᠠᠯᠴᠠᠭᠠᠨ ᠤ  ᠠᠵᠢᠯ ᠤᠨ ᠲᠤᠬᠠᠢ  ᠶᠠᠷᠢᠯᠴᠠᠨ ᠵᠦᠪᠳᠡᠵᠡᠢ᠃ ᠴᠧᠨ ᠶᠠᠨ ᠪᠦᠦ ᠵᠢᠭᠠᠵᠤ ᠭᠠᠷᠭᠠᠬᠤ ᠳᠠᠭᠠᠨ᠂ ᠲᠠᠶᠢᠫᠤᠰᠧ ᠬᠤᠰᠢᠭᠤ ᠪᠣᠯ ᠰᠢᠯᠢ ᠶᠢᠨ ᠭᠤᠣᠯ ᠠᠶᠢᠮᠠᠭ ᠤᠨ ᠡᠮᠦᠨ᠎ᠡ ᠡᠭᠦᠳᠡ ᠪᠠᠶᠢᠵᠤ᠂  ᠪᠡᠭᠡᠵᠢᠩ ᠲᠢᠶᠠᠨᠵᠢᠨ ᠾᠧᠪᠧᠢ ᠲᠠᠢ ᠬᠦᠷᠰᠢᠯᠡᠭᠰᠡᠨ ᠵᠠᠮ ᠬᠠᠷᠢᠯᠴᠠᠭᠠᠨ ᠤ ᠳᠥᠭᠦᠮ ᠨᠥᠬᠦᠴᠡᠯ ᠲᠠᠢ ᠶᠤᠮ᠃  ᠪᠤᠤᠴᠠᠩ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠦᠬᠦᠭᠡᠷᠦᠮᠵᠢ ᠶᠢᠨ ᠨᠥᠬᠦᠴᠡᠯ ᠪᠦᠷᠢᠨ᠂ ᠠᠵᠤ ᠦᠢᠯᠡᠰ ᠤᠨ ᠳᠠᠭᠠᠭᠠᠴᠠ ᠶᠢᠨ ᠴᠢᠳᠠᠪᠤᠷᠢ ᠴᠢᠩᠭ᠎ᠠ᠂ ᠵᠤᠬᠢᠶᠠᠮᠠᠯ ᠠᠯᠮᠠᠰ ᠵᠡᠷᠭᠡ ᠨᠢᠭᠡ ᠪᠦᠯᠦᠭ  ᠰᠢᠨ᠎ᠡ ᠪᠠᠷ ᠮᠠᠨᠳᠤᠭᠰᠠᠨ ᠠᠵᠤ ᠦᠢᠯᠡᠰ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠩ ᠳᠤ ᠣᠷᠣᠵᠤ ᠨᠤᠳᠤᠭᠰᠢᠭᠠᠳ᠂ ︽ ᠪᠤᠬᠢᠷᠳᠤᠯ  ᠦᠬᠡᠢ ᠴᠠᠬᠢᠯᠭᠠᠨ︾ ᠤ ᠬᠡᠷᠡᠭᠴᠡᠭᠡ ᠨᠠᠩ ᠲᠤᠯᠭᠠᠮ᠎ᠠ ᠪᠣᠯᠵᠤ ᠪᠠᠶᠢᠨ᠎ᠠ᠃ ᠲᠠᠶᠢᠹᠤᠰᠧ ᠬᠤᠰᠢᠭᠤᠨ ᠤ ᠬᠢᠨ ᠰᠢᠨ᠎ᠡ ᠡᠨᠧᠷᠭᠢ ᠶᠢᠨ ᠬᠦᠷᠢᠶᠡᠨ ᠳᠠᠬᠢ ᠳᠠᠭᠠᠭᠤᠯᠤᠭᠴᠢ ᠠᠵᠤ ᠠᠬᠤᠶᠢᠯᠠᠯ ᠪᠤᠯᠬᠤ  ᠶᠢᠨ ᠹᠧᠩ  ᠰᠢᠨᠵᠢᠯᠡᠭᠡ ᠮᠡᠷᠭᠡᠵᠢᠯ ᠤᠨ ᠪᠦᠯᠦᠭᠯᠡᠯ ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠬᠡᠵᠡᠢ᠃   ᠯᠢᠦ  ᠿᠢ ᠰᠢᠨ ᠠᠵᠤ ᠠᠬᠤᠶᠢᠯᠠᠯ ᠤᠨ ᠢᠶᠠᠨ ᠰᠢᠨ᠎ᠡ ᠡᠨᠧᠷᠭᠢ ᠶᠢᠨ ᠲᠤᠨᠤᠭ ᠲᠦᠬᠦᠭᠡᠷᠦᠮᠵᠢ ᠶᠢᠨ ᠦᠢᠯᠡᠳᠬᠡᠯ᠂  ᠰᠢᠨᠵᠢᠯᠡᠭᠡ ᠮᠡᠷᠭᠡᠵᠢᠯ ᠤᠨ ᠡᠭᠦᠳᠦᠯᠲᠡ᠂ ᠵᠠᠬ᠎ᠠ ᠳᠡᠯᠭᠡᠭᠦᠷ ᠤᠨ ᠥᠷᠭᠡᠳᠬᠡᠯ ᠤᠨ ᠪᠠᠶᠢᠳᠠᠯ  ᠵᠡᠷᠭᠡ ᠶᠢ ᠨᠠᠷᠢᠨ  ᠲᠠᠨᠢᠯᠴᠠᠭᠤᠯᠤᠭᠰᠠᠨ ᠤ ᠬᠠᠮᠳᠤ᠂ ᠲᠠᠶᠢᠹᠤᠰᠧ ᠬᠤᠰᠢᠭᠤ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ  ᠪᠠᠨ  ᠤᠯᠠᠮ ᠴᠢᠩᠭᠠᠳᠬᠠᠵᠤ᠂  ᠰᠢᠨ᠎ᠡ ᠡᠨᠧᠷᠭᠢ  ᠪᠠᠷ ᠣᠷᠣᠯᠠᠭᠤᠯᠬᠤ ᠡᠯ᠎ᠡ ᠲᠦᠷᠦᠯ ᠤᠨ  ᠪᠡᠯᠡᠳᠭᠡᠯ ᠠᠵᠢᠯ ᠢ ᠪᠦᠬᠦ ᠬᠦᠴᠦᠨ ᠢᠶᠠᠷ  ᠠᠬᠢᠭᠤᠯᠤᠨ᠂ ᠲᠦᠷᠦᠯ ᠵᠦᠢᠯ ᠤᠨ ᠡᠷᠲᠡᠬᠡᠨ ᠪᠦᠳᠦᠵᠦ ᠡᠷᠳᠡᠭᠡᠨ ᠠᠰᠢᠭᠯᠠᠭᠳᠠᠬᠤ ᠶᠢ ᠪᠠᠲᠤᠯᠠᠨ᠎ᠠ ᠭᠡᠵᠦ  ᠢᠯᠡᠷᠭᠡᠶᠢᠯᠡᠭᠰᠡᠨ ᠪᠠᠶᠢᠨ᠎ᠠ᠃ ᠳᠡᠳ᠋ ᠬᠤᠰᠢᠭᠤ ᠳᠠᠷᠤᠭ᠎ᠠ ᠪᠦᠦ ᠴᠢᠩ ᠱᠠᠨ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号