︽ᠴᠡᠷᠢᠭ︾ ᠨᠡᠷ᠎ᠡ ᠲᠠᠢ ᠬᠠᠭᠤᠷᠮᠠᠭ ᠲᠠᠸᠠᠷ  ᠲᠤ ᠴᠡᠭᠴᠡᠯᠡᠯᠳᠡ ᠪᠠᠶᠢᠴᠠᠭᠠᠯᠳᠠ ᠬᠢᠬᠦ ᠪᠠᠨ ᠴᠢᠩᠭᠠᠳᠬᠠᠨ᠎ᠠ
ᠨᠡᠶᠢᠲᠡᠯᠡᠭᠰᠡᠨ ᠴᠠᠭ᠄
2022/7/26
 ᠣᠶᠢᠷ᠎ᠠ ᠶᠢᠨ ᠵᠢᠯ ᠤᠳ ᠲᠤ᠂  ᠵᠠᠷᠢᠮ ᠡᠵᠡᠩᠨᠡᠭᠴᠢᠳ ᠴᠡᠷᠢᠭ ᠠᠩᠭᠢ ᠶᠢᠨ ᠨᠡᠷ᠎ᠡ ᠶᠢ ᠢᠯᠡ ᠪᠠᠷ ᠪᠤᠶᠤ ᠬᠡᠯᠪᠡᠷᠢ ᠶᠢ ᠨᠢ ᠥᠭᠡᠷᠡᠲᠦᠭᠦᠯᠦᠨ ᠭᠡᠷᠡᠭᠯᠡᠵᠦ᠂  ︽ᠴᠡᠷᠢᠭ ᠤᠨ ᠮᠣᠣ ᠲᠠᠢ︾᠂ ︽ᠴᠡᠷᠢᠭ ᠠᠩᠭᠢ ᠶᠢᠨ ᠲᠤᠰᠬᠠᠢ ᠬᠠᠩᠭᠠᠯᠭ᠎ᠠ︾  ᠮᠡᠳᠦ ᠶᠢᠨ ᠬᠠᠭᠤᠷᠮᠠᠭ ᠮᠠᠭᠤ ᠲᠠᠸᠠᠷ ᠢ ᠦᠢᠯᠡᠳᠪᠦᠷᠢᠯᠡᠨ ᠪᠣᠷᠣᠯᠠᠭᠤᠯᠵᠤ᠂ ᠴᠡᠷᠢᠭ ᠠᠩᠭᠢ ᠶᠢᠨ ᠨᠡᠷ᠎ᠡ ᠲᠦᠷᠦ ᠳᠦᠷᠢ ᠲᠥᠷᠬᠦ ᠶᠢ ᠬᠦᠨᠳᠦ ᠨᠣᠴᠢᠲᠠᠢ ᠬᠤᠬᠢᠷᠠᠭᠤᠯᠤᠨ᠂ ᠤᠯᠤᠰ ᠤᠨ ᠠᠵᠤ ᠠᠬᠤᠢ ᠶᠢᠨ ᠣᠷᠴᠢᠨ  ᠲᠤᠭᠤᠷᠢᠨ ᠢ ᠨᠥᠯᠥᠭᠡᠯᠡᠵᠦ ᠪᠠᠶᠢᠨ᠎ᠠ᠃ ᠠᠷᠠᠳ ᠤᠨ ᠴᠡᠷᠢᠭ ᠠᠩᠭᠢ ᠶᠢᠨ ᠰᠠᠶᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠵᠤ᠂ ᠬᠠᠤᠯᠢ ᠪᠤᠰᠤ ᠬᠤᠳᠠᠯᠳᠤᠭᠠᠴᠢᠳ ᠤᠨ ︽ᠴᠡᠷᠢᠭ︾  ᠨᠡᠷ᠎ᠡ ᠪᠠᠷ ᠲᠠᠸᠠᠷ ᠢᠶᠠᠨ ᠪᠣᠷᠣᠯᠠᠭᠤᠯᠬᠤ᠂ ᠬᠡᠷᠡᠭᠯᠡᠭᠴᠢᠳ ᠢ  ᠮᠡᠬᠡᠯᠡᠨ  ᠭᠡᠳᠦᠷᠬᠡᠢ ᠠᠰᠢᠭ ᠣᠯᠬᠤ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ ᠲᠠᠶᠢᠹᠤᠰᠧ  ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ︽ᠴᠡᠷᠢᠭ︾  ᠨᠡᠷ᠎ᠡ ᠲᠠᠢ ᠪᠠᠷᠠᠭ᠎ᠠ ᠲᠠᠸᠠᠷ ᠲᠤ ᠲᠤᠰᠬᠠᠢ ᠪᠠᠶᠢᠴᠠᠭᠠᠯᠲᠠ ᠥᠷᠨᠢᠭᠦᠯᠪᠡ᠃  ᠡᠨᠡ  ᠤᠳᠠᠭ᠎ᠠ ᠭᠤᠣᠯᠳᠠᠭᠤ ᠲᠤᠰᠬᠠᠢ ᠳᠡᠯᠭᠡᠭᠦᠷ᠂ ᠣᠨᠴᠠᠯᠢᠭᠲᠤ ᠳᠡᠯᠭᠡᠭᠦᠷ ᠤᠨ ᠠᠷᠢᠬᠢ  ᠂ ᠲᠠᠮᠠᠬᠢ᠂ ᠪᠡᠯᠡᠭ  ᠰᠠᠯᠳᠠ ᠶᠢᠨ ᠵᠦᠢᠯ ᠵᠡᠷᠭᠡ ᠳᠤ ︽ᠰᠦᠯᠵᠢᠶᠡᠨ ᠲᠡᠭᠡᠷᠡᠬᠢ + ᠰᠦᠯᠵᠢᠶᠡᠨ ᠭᠠᠳᠠᠨᠠᠬᠢ  ︾ ᠪᠦᠬᠦ ᠲᠠᠯ᠎ᠠ ᠶᠢᠨ ᠪᠠᠶᠢᠴᠠᠭᠠᠯᠳᠠ ᠬᠢᠵᠦ᠂ ︽ᠴᠡᠷᠢᠭ︾ ᠤᠨ ᠣᠨᠴᠠ ᠬᠠᠩᠭᠠᠯᠭ᠎ᠠ ᠶᠢᠨ ᠲᠡᠮᠳᠡᠭ ᠲᠠᠢ ᠲᠠᠸᠠᠷ ᠢ ᠪᠣᠷᠣᠯᠠᠭᠤᠯᠤᠭᠰᠠᠨ ᠡᠰᠡᠬᠦ᠂ ᠰᠦᠯᠵᠢᠶᠡᠨ ᠤ ᠠᠷᠭ᠎ᠠ ᠬᠡᠯᠪᠡᠷᠢ ᠪᠠᠷ ᠴᠡᠷᠢᠭ ᠠᠩᠭᠢ ᠶᠢᠨ ᠨᠡᠷ᠎ᠡ ᠶᠢ ᠬᠠᠭᠤᠷᠮᠠᠭᠯᠠᠨ ᠬᠡᠷᠡᠭᠯᠡᠵᠦ ᠬᠠᠭᠤᠷᠮᠠᠭ ᠮᠠᠭᠤ ᠲᠠᠸᠠᠷ ᠪᠣᠷᠣᠯᠠᠭᠤᠯᠤᠭᠰᠠᠨ ᠡᠰᠡᠬᠦ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠨᠡᠷ᠎ᠡ ᠶᠢ ᠠᠰᠢᠭᠯᠠᠨ ᠬᠤᠳᠠᠯᠳᠤᠭᠠᠨ ᠤ ᠡᠵᠡᠩᠨᠡᠯᠲᠡ ᠪᠣᠷᠣᠯᠠᠭᠤᠯᠤᠯᠲᠠ ᠶᠢᠨ ᠤᠬᠠᠭᠤᠯᠭ᠎ᠠ ᠬᠢᠭᠰᠡᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠭᠰᠠᠨ ᠪᠠᠶᠢᠨ᠎ᠠ᠃ ᠡᠭᠦᠨ ᠤ ᠬᠠᠮᠲᠤ  ᠂ ᠡᠵᠡᠩᠨᠡᠭᠴᠢᠳ ᠲᠤ ᠬᠠᠨᠳᠤᠭᠰᠠᠨ ᠤᠬᠠᠭᠤᠯᠭ᠎ᠠ ᠬᠥᠮᠦᠵᠢᠯ ᠢ ᠴᠢᠩᠭᠠᠳᠬᠠᠨ᠂   ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯᠯᠠᠭ᠎ᠠ ᠥᠷᠨᠢᠭᠦᠯᠵᠦ ᠂ ᠡᠷᠬᠡ ᠲᠡᠭᠰᠢ ᠪᠠᠷ ᠦᠷᠢᠰᠦᠯᠳᠦᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ ᠬᠡᠵᠦ ᠡᠵᠡᠩᠨᠡᠭᠴᠢᠳ ᠢ ᠱᠠᠭᠠᠷᠳᠠᠵᠠᠢ᠃ ᠡᠨᠡ ᠤᠳᠠᠭᠠᠨ ᠤ ᠪᠠᠶᠢᠴᠠᠭᠠᠯᠲᠠ ᠳᠤ 15 ᠡᠵᠡᠩᠨᠡᠯᠲᠡ ᠶᠢᠨ ᠡᠷᠦᠬᠡ ᠶᠢ ᠪᠠᠶᠢᠴᠠᠭᠠᠭᠰᠠᠨ ᠤ ᠳ᠋ᠦᠩ ᠳᠤ ᠬᠠᠤᠯᠢ ᠲᠦᠷᠢᠮ ᠵᠦᠷᠢᠴᠡᠭᠰᠡᠨ ᠡᠵᠡᠩᠨᠡᠯᠳᠡ ᠪᠤᠷᠤᠯᠠᠭᠤᠯᠭ᠎ᠠ ᠶᠢᠨ ᠦᠵᠡᠭᠳᠡᠯ ᠬᠠᠷᠠᠬᠠᠨ ᠢᠯᠡᠷᠡᠭᠰᠡᠨ ᠦᠬᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号