7 ᠰᠠᠷ᠎ᠠ ᠶᠢᠨ 25 ᠤ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠂ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ᠂ ᠬᠠᠤᠯᠢ ᠪᠤᠰᠤ ᠪᠠᠷ ᠴᠡᠷᠢᠭ ᠤᠨ ᠬᠤᠪᠴᠠᠰᠤ | ᠦᠢᠯᠡᠳᠴᠦ ᠪᠣᠷᠣᠯᠠᠭᠤᠯᠬᠤ᠂ ᠴᠡᠷᠢᠭ ᠤᠨ ᠬᠤᠪᠴᠠᠰᠤ ᠪᠠ ᠴᠡᠷᠢᠭ ᠤᠨ ᠬᠡᠷᠡᠭᠰᠡᠯ ᠢ ᠬᠠᠭᠤᠷᠮᠠᠭᠯᠠᠨ ᠬᠡᠷᠡᠭᠯᠡᠬᠦ ᠵᠡᠷᠭᠡ | ᠬᠠᠤᠯᠢ ᠪᠤᠰᠤ ᠠᠵᠢᠯᠯᠠᠭ᠎ᠠ ᠶᠢ ᠪᠠᠶᠢᠴᠠᠭᠠᠨ ᠴᠡᠭᠴᠡᠯᠡᠵᠦ᠂ ᠴᠡᠷᠢᠭ ᠤᠨ ᠬᠤᠪᠴᠠᠰᠤ ᠡᠮᠦᠰᠴᠦ ᠬᠡᠷᠡᠭᠯᠡᠬᠦ ᠬᠠᠤᠯᠢ | ᠲᠦᠷᠢᠮ ᠤᠨ ᠤᠬᠠᠮᠰᠠᠷ ᠢ ᠴᠢᠩᠭᠠᠳᠬᠠᠭᠰᠠᠨ ᠪᠠᠶᠢᠨ᠎ᠠ᠃ ᠪᠠᠶᠢᠴᠠᠭᠠᠬᠤ ᠲᠤᠭᠤᠶᠢᠯᠠᠩ ᠨᠢ ᠲᠤᠰ ᠬᠤᠰᠢᠭᠤᠨ ᠤ ᠪᠠᠨ | ᠬᠥᠳᠡᠯᠮᠦᠷᠢ ᠶᠢᠨ ᠬᠠᠮᠠᠭᠠᠯᠠᠯᠲᠠ ᠶᠢᠨ ᠪᠠᠭᠠᠵᠢ ᠬᠡᠷᠡᠭᠰᠡᠯ ᠤᠨ ᠳᠡᠯᠭᠡᠭᠦᠷ ᠤᠳ ᠢᠶᠠᠷ ᠬᠦᠨᠵᠡᠬᠡᠶᠢᠷᠡᠵᠦ ᠭᠡᠨᠡᠳᠲᠡ ᠶᠢᠨ | ᠪᠠᠶᠢᠴᠠᠭᠠᠯᠲᠠ ᠬᠢᠭᠰᠡᠨ ᠪᠥᠭᠡᠳ ᠲᠤᠬᠠᠢ ᠶᠢᠨ ᠲᠠᠯᠠᠪᠤᠷ ᠲᠤ ᠬᠠᠮᠢᠶ᠎ᠠ ᠪᠦᠬᠦᠢ ᠬᠠᠤᠯᠢ ᠲᠦᠷᠢᠮ ᠢ ᠤᠬᠠᠭᠤᠯᠤᠨ᠂ | ᠡᠵᠡᠩᠨᠡᠭᠴᠢᠳ ᠢ ᠴᠡᠷᠢᠭ ᠤᠨ ᠬᠤᠪᠴᠠᠰᠤᠨ ᠤ ᠲᠤᠬᠠᠢ ᠬᠠᠤᠯᠢ ᠲᠦᠷᠢᠮ ᠤᠨ ᠤᠬᠠᠮᠰᠠᠷ ᠢᠶᠠᠨ ᠳᠡᠭᠡᠭᠰᠢᠯᠡᠭᠦᠯᠵᠦ᠂ | ᠴᠡᠷᠢᠭ ᠤᠨ ᠬᠤᠪᠴᠠᠰᠤ ᠵᠢᠴᠢ ᠳᠠᠭᠤᠷᠢᠶᠠᠮᠠᠯ ᠡᠳ᠋ ᠢ ᠦᠶᠯᠡᠳᠬᠦ᠂ ᠵᠠᠬᠢᠶᠠᠯᠠᠬᠤ᠂ ᠬᠤᠳᠠᠯᠳᠤᠬᠤ᠂ ᠬᠡᠷᠡᠭᠯᠡᠬᠦ ᠶᠢ | ᠴᠠᠭᠠᠵᠠᠯᠠᠨ᠂ ᠴᠡᠷᠢᠭ ᠤᠨ ᠬᠤᠪᠴᠠᠰᠤᠨ ᠤ ᠲᠤᠰᠬᠠᠢ ᠬᠡᠷᠡᠭᠯᠡᠭᠡᠨ ᠤ ᠴᠢᠨᠠᠷ ᠪᠠ ᠲᠥᠪ ᠴᠢᠩᠭ᠎ᠠ ᠴᠢᠨᠠᠷ ᠢ | ᠬᠠᠮᠠᠭᠠᠯᠠᠬᠤ ᠬᠡᠷᠡᠭᠲᠡᠢ ᠭᠡᠵᠦ ᠰᠠᠨᠠᠭᠤᠯᠪᠠ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ | ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠦᠷᠬᠦᠯᠵᠢᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠳᠤᠷᠠᠵᠤ | ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠶᠢ | ᠢᠳᠡᠪᠬᠢᠳᠡᠢ ᠥᠷᠨᠢᠭᠦᠯᠵᠦ᠂ ᠪᠠᠶᠢᠴᠠᠭᠠᠯᠳᠠ ᠴᠡᠭᠴᠡᠯᠡᠯᠳᠡ ᠪᠠ ᠤᠬᠠᠭᠤᠯᠭ᠎ᠠ ᠬᠦᠮᠦᠵᠢᠯ ᠢ ᠴᠢᠩᠭᠠᠳᠬᠠᠨ᠂ | ᠴᠡᠷᠢᠭ ᠤᠨ ᠬᠤᠪᠴᠠᠰᠤ ᠶᠢ ᠬᠠᠭᠤᠷᠮᠠᠭᠯᠠᠨ ᠦᠢᠯᠡᠳᠪᠦᠷᠢᠯᠡᠵᠦ ᠪᠤᠷᠤᠯᠠᠭᠤᠯᠬᠤ᠂ ᠬᠠᠤᠯᠢ ᠲᠦᠷᠢᠮ ᠠᠴᠠ ᠵᠦᠷᠢᠴᠡᠵᠦ | ᠴᠡᠷᠢᠭ ᠤᠨ ᠬᠤᠪᠴᠠᠰᠤ ᠶᠢ ᠡᠮᠦᠰᠴᠦ ᠵᠡᠬᠦᠬᠦ᠂ ᠴᠡᠷᠢᠭ ᠤᠨ ᠬᠤᠪᠴᠠᠰᠤ ᠶᠢ ᠠᠰᠢᠭᠯᠠᠨ ᠬᠠᠤᠯᠢ ᠪᠤᠰᠤ ᠪᠠᠷ ᠠᠰᠢᠭ | ᠣᠯᠬᠤ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠡᠷᠢᠭ ᠢᠶᠠᠨ ᠬᠦᠷᠢᠶᠡᠯᠡᠨ ᠤᠯᠤᠰ ᠢᠶᠠᠨ | ᠬᠠᠶᠢᠷᠠᠯᠠᠬᠤ ᠪᠠ ᠢᠷᠠᠭᠤ ᠠᠯᠳᠠᠷ ᠢ ᠡᠷᠬᠢᠮᠨᠡᠨ ᠲᠡᠭᠡᠳᠦᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠪᠠᠷ | ᠪᠠᠶᠢᠨ᠎ᠠ᠃ |