ᠲᠠᠶᠢᠹᠤᠰᠧ ᠬᠤᠰᠢᠭᠤ  ᠪᠠᠭᠠᠴᠤᠳ ᠬᠡᠦᠬᠡᠳ ᠤᠨ ᠮᠢᠭᠮᠡᠨ ᠰᠢᠳᠠᠷ᠎ᠠ ᠶᠢᠨ ᠤᠷᠤᠯᠳᠤᠭᠠᠨ ᠡᠷᠬᠢᠯᠡᠭᠰᠡᠨ
ᠨᠡᠶᠢᠲᠡᠯᠡᠭᠰᠡᠨ ᠴᠠᠭ᠄
2022/7/27
  ᠣᠶᠢᠷ᠎ᠠ ᠳᠤ᠂ ᠲᠠᠶᠢᠹᠤᠰᠧ ᠬᠤᠰᠢᠭᠤᠨ ᠤ ᠰᠣᠶᠣᠯ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠲᠠᠶᠢᠹᠤᠰᠧ ᠬᠤᠰᠢᠭᠤᠨ ᠤ ᠢ ᡁᠢ ᠬᠦᠵᠦᠷ ᠰᠢᠳᠠᠷ᠎ᠠ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ᠲᠠᠶᠢᠹᠤᠰᠧ ᠬᠤᠰᠢᠭᠤᠨ ᠤ ᠠᠩᠬᠠᠳᠤᠭᠠᠷ ᠬᠤᠭᠤᠴᠠᠭᠠᠨ ᠤ ᠪᠠᠭᠠᠴᠤᠳ ᠬᠡᠦᠬᠡᠳ ᠤᠨ ᠮᠢᠭᠮᠡᠨ ᠰᠢᠳᠠᠷ᠎ᠠ ᠶᠢᠨ ᠲᠡᠮᠡᠴᠡᠭᠡᠨ ᠤ ᠰᠢᠭᠰᠢᠭᠡ ᠤᠷᠤᠯᠳᠤᠭᠠᠨ ᠪᠠ ᠲᠠᠰ ᠲᠣᠭᠲᠠᠭᠠᠬᠤ ᠤᠷᠤᠯᠳᠤᠭᠠᠨ ᠶᠠᠪᠤᠭᠳᠠᠵᠤ ᠦᠩᠭᠡᠷᠡᠪᠡ  ᠃ ᠮᠢᠭᠮᠡᠠ ᠰᠢᠲᠠᠷ᠎ᠠ ᠪᠣᠯ 4000 ᠭᠠᠷᠤᠢ ᠵᠢᠯ ᠤᠨ ᠲᠡᠦᠬᠡ ᠲᠠᠢ ᠤᠯᠠᠮᠵᠢᠯᠠᠯᠲᠤ ᠤᠶᠦᠠ ᠴᠢᠳᠠᠪᠤᠷᠢ ᠶᠢᠨ ᠬᠥᠳᠡᠯᠭᠡᠭᠡᠨ ᠤ ᠵᠦᠢᠯ ᠪᠣᠯᠬᠤ ᠪᠥᠭᠡᠳ ᠰᠢᠲᠠᠷᠠᠴᠢᠨ ᠤ ᠤᠶᠦᠠ ᠤᠬᠠᠭᠠᠨ ᠰᠢᠨᠳᠠᠰᠤ  ᠵᠣᠷᠢᠭ ᠢ ᠰᠢᠯᠭᠠᠳᠠᠭ ᠲᠤᠭᠯᠠᠭᠠᠮ ᠤᠨ ᠵᠦᠢᠯ ᠶᠤᠮ᠃  ᠡᠨᠡ ᠤᠳᠠᠭᠠᠨ ᠤ ᠤᠷᠤᠯᠳᠤᠭᠠᠨ ᠢ ᠬᠤᠪᠢ ᠬᠤᠷᠠᠮᠳᠤᠭᠤᠯᠵᠤ ᠨᠡᠷ᠎ᠡ ᠵᠢᠬᠰᠠᠭᠠᠬᠤ ᠠᠷᠭ᠎ᠠ ᠪᠠᠷ ᠶᠠᠪᠤᠭᠳᠠᠭᠤᠯᠵᠤ᠂    ᠰᠢᠯᠢᠳᠡᠭ ᠤᠨ ᠱᠠᠩᠨᠠᠯ 5᠂   ᠳᠤᠷᠠᠰᠬᠠᠯ ᠤᠨ ᠱᠠᠩᠨᠠᠯ  ᠨᠢᠵᠡᠭᠡᠳ ᠢ ᠲᠤᠬᠢᠷᠠᠭᠤᠯᠵᠠᠢ᠃   ᠤᠷᠤᠯᠳᠤᠭᠠᠨ ᠢᠶᠠᠷ ᠲᠠᠮᠵᠢᠭᠠᠳ ᠪᠢᠴᠢᠬᠠᠨ ᠰᠢᠳᠠᠷᠴᠢᠳ ᠥᠪᠡᠷ ᠤᠨ ᠰᠡᠳᠬᠢᠵᠦ ᠮᠠᠭᠠᠳᠯᠠᠬᠤ ᠴᠢᠳᠠᠪᠤᠷᠢ ᠪᠠᠨ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠰᠢᠲᠠᠷ᠎ᠠ ᠶᠢᠨ ᠨᠠᠶᠢᠵᠠ ᠨᠠᠷ ᠲᠠᠢ  ᠲᠠᠨᠢᠯᠴᠠᠵᠤ᠂ ᠤᠷ᠎ᠠ ᠡᠷᠳᠡᠮ ᠢᠶᠠᠨ ᠰᠣᠯᠢᠯᠴᠠᠭᠰᠠᠨ ᠪᠠᠶᠢᠨ᠎ᠠ᠃         ᠢ ᡁᠢ ᠬᠦᠵᠦᠷ ᠰᠢᠳᠠᠷ᠎ᠠ ᠶᠢᠨ ᠨᠡᠶᠢᠭᠡᠮᠯᠢᠭ  ᠤᠨ ᠳᠠᠷᠤᠭ᠎ᠠ ᠯᠢᠦ ᠪᠦᠦ ᠯᠢᠨ ᠲᠠᠨᠢᠯᠴᠠᠭᠤᠯᠬᠤ ᠳᠠᠭᠠᠨ  ᠄ ︽ ᠦᠨᠦᠳᠦᠷ ᠤᠨ ᠤᠷᠤᠯᠳᠤᠭᠠᠨ ᠳᠤ ᠲᠦᠴᠢᠭᠡᠳ ᠬᠡᠦᠬᠡᠳ ᠣᠷᠣᠯᠴᠠᠵᠠᠢ᠂ ᠡᠨᠡ ᠪᠣᠯ ᠮᠠᠰᠢ ᠪᠠᠶᠠᠷᠯᠠᠭᠤᠰᠢᠲᠠᠢ ᠶᠠᠪᠤᠳᠠᠯ ᠮᠥᠨ᠂ ᠡᠨᠡ ᠨᠢ ᠮᠢᠭᠮᠡᠨ ᠰᠢᠳᠠᠷ᠎ᠠ ᠶᠢᠨ ᠤᠯᠠᠮᠵᠢᠯᠠᠯ ᠬᠦᠭᠵᠢᠯᠳᠡ ᠳᠤ ᠴᠢᠬᠤᠯᠠ ᠠᠴᠢ ᠬᠤᠯᠪᠣᠭᠳᠠᠯ ᠲᠠᠢ ᠪᠠᠷ ᠪᠠᠷᠠᠬᠤ ᠦᠭᠡᠢ ᠨᠠᠩ ᠴᠤ ᠬᠡᠦᠬᠡᠳ ᠤᠨ ᠤᠢ ᠪᠢᠯᠢᠭ ᠤᠨ ᠬᠥᠮᠦᠵᠢᠯ᠂  ᠢᠳᠡᠭᠡᠯ ᠵᠣᠷᠢᠭ ᠤᠨ ᠬᠥᠮᠦᠵᠢᠯ ᠵᠡᠷᠭᠡ ᠳᠤ  ᠴᠤ ᠮᠠᠰᠢ ᠶᠡᠭᠡ ᠠᠴᠢ ᠬᠤᠯᠪᠣᠭᠳᠠᠯ ᠲᠠᠢ ᠶᠤᠮ᠃ ᠬᠡᠦᠭᠡᠳ ᠪᠠᠭᠠᠴᠤᠳ ᠬᠦᠴᠦᠷᠬᠡᠭ ᠪᠣᠯᠪᠠᠰᠤ ᠬᠦᠷᠦᠨ ᠲᠦᠷᠦ ᠴᠤ ᠬᠦᠴᠦᠷᠭᠡᠭ ᠪᠤᠯᠤᠨᠠᠮ᠃ ᠬᠡᠦᠬᠡᠳ ᠤᠳ ᠤᠨ ᠢᠳᠡᠪᠬᠢᠲᠡᠢ  ᠤᠷᠤᠯᠴᠠᠯᠭ᠎ᠠ ᠨᠢ ᠮᠠᠨ ᠤ  ᠬᠤᠰᠢᠭᠤᠨ ᠤ ᠮᠢᠭᠮᠡᠨ ᠰᠢᠳᠠᠷ᠎ᠠ ᠶᠢᠨ ᠬᠦᠳᠡᠯᠭᠡᠭᠡᠨ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠪᠤᠯᠤᠨ᠎ᠠ  ︾ ᠭᠡᠵᠡᠢ᠃    ᠡᠨᠡ ᠤᠳᠠᠭᠠᠨ ᠤ ᠤᠷᠤᠯᠳᠤᠭᠠᠨ ᠨᠢ ᠪᠥᠬᠦ ᠬᠤᠰᠢᠭᠤᠨ ᠤ ᠪᠠᠭᠠᠴᠤᠳ ᠬᠡᠦᠬᠡᠳ ᠲᠤ ᠮᠢᠭᠮᠡᠨ ᠰᠢᠳᠠᠷ᠎ᠠ ᠶᠢᠨ ᠮᠡᠷᠭᠡᠵᠢᠯ ᠰᠣᠯᠢᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠪᠠᠭᠠᠴᠤᠳ ᠬᠡᠦᠬᠡᠳ ᠤᠨ ᠣᠯᠠᠨ ᠵᠦᠢᠯ ᠤᠨ ᠠᠪᠢᠶᠠᠰ ᠴᠢᠳᠠᠪᠤᠷᠢ ᠶᠢ ᠢᠯᠡᠷᠡᠭᠦᠯᠵᠦ᠂ ᠨᠠᠩ ᠴᠤ ᠲᠡᠳᠡᠨ ᠤ ᠢᠳᠡᠪᠬᠢᠲᠡᠢ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠪᠠ  ᠪᠠᠭ᠎ᠠ ᠵᠠᠯᠠᠭᠤ ᠨᠠᠰᠤᠨ ᠤ ᠴᠤᠭ ᠵᠢᠪᠬᠤᠭ᠎ᠠ ᠶᠢ ᠨᠢ ᠢᠯᠡᠷᠡᠭᠦᠯᠵᠦ᠂ ᠪᠥᠬᠦ ᠬᠤᠰᠢᠭᠤᠨ ᠤ ᠰᠢᠲᠠᠷ᠎ᠠ ᠶᠢᠨ ᠲᠥᠷᠥᠯ ᠤᠨ ᠬᠥᠳᠡᠯᠭᠡᠭᠡᠨ ᠢ ᠪᠦᠲᠦᠮᠵᠢᠲᠡᠶ ᠠᠬᠢᠭᠤᠯᠬᠤ ᠳᠤ ᠢᠳᠡᠪᠬᠢᠲᠡᠢ ᠠᠴᠢ ᠬᠤᠯᠪᠣᠭᠳᠠᠯ ᠭᠠᠷᠭᠠᠬᠤ ᠪᠤᠯᠤᠨ᠎ᠠ᠃ 
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号