ᠬᠥᠯ ᠢᠶᠠᠨ ᠦᠨᠳᠦᠷ ᠡᠷᠭᠦᠵᠦ ᠠᠯᠬᠤᠪᠠᠯ ᠪᠡᠶ᠎ᠡ ᠴᠢᠬᠢᠷᠠᠭᠵᠢᠨ᠎ᠠ
ᠨᠡᠶᠢᠲᠡᠯᠡᠭᠰᠡᠨ ᠴᠠᠭ᠄
2022/7/27
   ᠨᠠᠰᠤᠲᠠᠶᠢᠴᠤᠳ ᠵᠥᠪ ᠵᠣᠭᠰᠣᠬᠤ ᠬᠡᠯᠪᠡᠷᠢ ᠶᠢ ᠡᠷᠬᠢᠮᠯᠡᠬᠦ ᠨᠢ ᠡᠯ᠎ᠡ ᠨᠡᠬᠡᠳᠡᠰᠦ ᠡᠷᠬᠡᠲᠡᠨ ᠤ ᠹᠢᠽᠣᠯᠣᠬᠢ ᠶᠢᠨ ᠴᠢᠳᠠᠪᠤᠷᠢ ᠶᠢ ᠠᠬᠢᠭᠤᠯᠵᠤ᠂ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠪᠠᠲᠤᠯᠠᠨ᠂ ᠡᠪᠡᠳᠴᠢᠨ ᠡᠮᠬᠡᠭ ᠡᠭᠦᠰᠬᠦ ᠠᠴᠠ ᠰᠡᠷᠭᠡᠶᠢᠯᠡᠬᠦ ᠶᠢᠨ ᠲᠦᠯᠦᠭᠡ ᠶᠤᠮ᠃    ᠨᠠᠰᠤ ᠠᠬᠢᠬᠤ ᠶᠢ ᠳᠠᠭᠠᠯᠳᠤᠨ᠂ ᠬᠥᠯ ᠤᠨ ᠬᠦᠴᠦ ᠲᠠᠷ ᠵᠢᠯ ᠠᠴᠠ ᠵᠢᠯ ᠮᠠᠭᠤᠳᠠᠨ᠎ᠠ᠂ ᠬᠡᠷᠪᠡ ᠡᠩ ᠤᠨ ᠦᠶ᠎ᠡ ᠳᠤ ᠠᠯᠬᠤᠬᠤ ᠳᠠᠭᠠᠨ ᠰᠠᠨᠠᠭᠠᠴᠢᠯᠠᠭ᠎ᠠ ᠲᠠᠢ ᠪᠠᠷ ᠵᠢᠭᠠᠬᠠᠨ ᠬᠤᠷᠳᠤᠨ ᠠᠯᠬᠤᠬᠤ ᠦᠭᠡᠢ ᠪᠣᠯ᠂ ᠤᠳᠠᠭᠠᠨ ᠳᠠᠭᠠᠨ ᠠᠭᠠᠵᠢᠮ ᠠᠯᠬᠤᠬᠤ ᠳᠠᠳᠬᠠᠯ ᠲᠠᠢ ᠪᠣᠯᠳᠠᠭ᠂ ᠢᠩᠭᠢᠪᠡᠯ ᠬᠥᠯ ᠤᠨ ᠬᠡᠰᠡᠭ ᠤᠨ ᠪᠤᠯᠴᠢᠩ ᠰᠠᠶᠢᠲᠤᠷ ᠪᠣᠯᠪᠠᠰᠤᠷᠠᠵᠤ ᠳᠡᠶᠢᠯᠬᠦ ᠦᠭᠡᠢ ᠪᠣᠯᠵᠤ᠂ ᠪᠤᠯᠴᠢᠩ ᠬᠠᠲᠠᠩᠬᠢᠷᠠᠨ᠂ ᠬᠤᠶᠠᠷ ᠬᠥᠯ ᠢᠶᠠᠨ ᠡᠷᠭᠦᠵᠦ ᠳᠡᠶᠢᠯᠬᠦ ᠦᠭᠡᠢ ᠪᠣᠯᠣᠨ᠎ᠠ᠃ ᠡᠶᠢᠮᠦ ᠠᠴᠠ᠂ ᠨᠠᠰᠤᠲᠠᠶᠢᠴᠤᠳ ᠵᠠᠮ ᠶᠠᠪᠤᠬᠤ ᠳᠠᠭᠠᠨ ᠬᠤᠷᠳᠤᠨ ᠰᠢᠭ᠋ ᠶᠠᠪᠤᠬᠤ ᠶᠢ ᠠᠩᠬᠠᠷᠬᠤ ᠠᠴᠠ ᠭᠠᠳᠠᠨ᠎ᠠ᠂ ᠪᠠᠰᠠ ᠬᠥᠯ ᠢᠶᠠᠨ ᠦᠨᠳᠦᠷ ᠡᠷᠭᠦᠵᠦ ᠠᠯᠬᠤᠪᠠᠯ᠂ ᠬᠥᠯ ᠮᠠᠭᠤᠳᠠᠬᠤ ᠶᠢ ᠰᠡᠷᠭᠡᠶᠢᠯᠡᠵᠦ᠂ ᠤᠷᠲᠤ ᠨᠠᠰᠤᠯᠠᠬᠤ ᠳᠤ ᠲᠤᠰᠠᠲᠠᠢ᠃  
 
ᠢᠷᠡᠯᠲᠡ᠄ ᠦᠪᠥᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号