ᠵᠣᠣ ᠹᠧᠢ ᠫᠧᠩ ᠭᠤᠣᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2022/7/28
7 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠡᠰᠡᠭ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠬᠦᠨᠵᠡᠬᠡᠶᠢᠷᠡᠵᠦ  ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ ᠵᠣᠣ ᠹᠧᠢ ᠫᠧᠩ ᠤᠳᠤᠬᠠᠨ ᠪᠠᠶᠢᠭᠤᠯᠵᠤ ᠪᠠᠶᠢᠭ᠎ᠠ ᠥᠨᠳᠥᠷ ᠴᠢᠳᠠᠮᠵᠢᠳᠤ ᠰᠢᠯ ᠰᠢᠷᠬᠡᠭᠯᠢᠭ ᠤᠨ ᠪᠦᠲᠦᠭᠡᠭᠳᠡᠬᠦᠨ ᠤ ᠦᠢᠯᠡᠳᠪᠦᠷᠢ᠂ ᠲᠥᠮᠥᠰᠥ ᠬᠠᠳᠠᠭᠠᠯᠠᠬᠤ ᠬᠥᠮᠥᠷᠭᠡ  ᠂ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠲᠥᠪ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠦᠢᠯᠡᠳᠪᠦᠷᠢ᠂ ᠠᠮᠢᠳᠤ ᠪᠣᠳᠠᠰ ᠤᠨ ᠬᠠᠲᠠᠭᠤ ᠲᠥᠯᠥᠪᠲᠦ ᠲᠦᠯᠡᠰᠢ ᠶᠢᠨ ᠦᠢᠯᠡᠳᠪᠦᠷᠢ᠂ ᠲᠥᠬᠦᠷᠵᠢᠭᠰᠡᠨ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠵᠢᠴᠢ ᠯᠦᠸᠧ ᠲᠦᠸᠧ ᠱᠠᠨ ᠵᠠᠮ ᠢ ᠦᠬᠡᠷᠡᠴᠢᠯᠡᠨ ᠵᠠᠰᠠᠬᠤ ᠲᠦᠷᠦᠯ ᠵᠦᠢᠯ ᠤᠨ ᠤᠷᠤᠨ᠂ ᠶᠡᠷᠦᠩᠬᠡᠶᠢᠯᠡᠭᠰᠡᠨ ᠴᠢᠨᠠᠷᠲᠠᠢ ᠣᠶᠤᠨᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠶᠢᠨ ᠪᠠᠷᠢᠯᠭ᠎ᠠ ᠶᠢᠨ ᠭᠠᠵᠠᠷ ᠵᠡᠷᠭᠡ ᠳᠤ ᠬᠦᠷᠴᠦ  ᠂ ᠲᠥᠷᠥᠯ ᠵᠦᠢᠯ ᠤᠨ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠬᠤ ᠶᠢᠨ ᠬᠠᠮᠲᠤ᠂ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ  ᠣᠶᠢᠯᠠᠭᠠᠨ᠂ ᠰᠢᠢᠳᠪᠦᠷᠢᠯᠡᠬᠦ ᠠᠷᠭ᠎ᠠ ᠶᠢ ᠲᠡᠷᠡ  ᠲᠤᠤᠷ᠎ᠠ ᠨᠢ ᠰᠤᠳᠤᠯᠤᠨ ᠪᠠᠶᠢᠷᠢᠯᠠᠭᠤᠯᠪᠠ᠃ ᠵᠣᠣ ᠹᠧᠢ ᠫᠧᠩ  ᠂ ᠲᠥᠷᠥᠯ ᠵᠦᠢᠯ ᠤᠨ ᠪᠠᠶᠢᠭᠤᠯᠤᠯᠲᠠ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ︽ᠰᠢᠨ᠎ᠡ ᠬᠥᠳᠡᠯᠭᠡᠭᠦᠷ︾ ᠮᠥᠨ᠃ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠴᠠ ᠡᠮᠦᠨᠡᠬᠢ᠂ ᠨᠠᠶᠢᠳᠠᠪᠤᠷᠢᠵᠢᠭᠤᠯᠬᠤ  ᠶᠠᠪᠤᠴᠠ ᠳᠠᠬᠢ ᠪᠠ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠢᠯᠡᠷᠡᠭᠰᠡᠨ ᠬᠦᠴᠢᠷᠳᠡᠯ ᠪᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠪᠠᠷ ᠠᠵᠤ ᠠᠬᠤᠶᠢᠯᠠᠯ ᠤᠨ ᠲᠥᠷᠥᠯ ᠵᠦᠢᠯ ᠤᠨ ᠪᠠᠶᠢᠭᠤᠯᠤᠯᠲᠠ ᠶᠢᠨ ︽ᠬᠤᠷᠳᠤᠴᠠ ᠪᠠᠨ ᠨᠡᠮᠡᠭᠳᠡᠭᠦᠯᠬᠦ︾ ᠶᠢ ᠠᠬᠢᠭᠤᠯᠵᠤ᠂  ᠠᠷᠠᠯᠵᠢᠶᠠᠴᠢᠨ ᠢ ᠪᠠᠶᠠᠵᠢᠭᠤᠯᠬᠤ  ᠠᠷᠠᠯᠵᠢᠶᠠᠴᠢ ᠢ ᠠᠮᠤᠷᠵᠢᠭᠤᠯᠬᠤ᠂ ᠠᠷᠠᠯᠵᠢᠶᠠᠴᠢᠨ ᠳᠤ ᠠᠰᠢᠭ ᠬᠦᠷᠲᠡᠭᠡᠬᠦ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠬᠤ ᠬᠡᠷᠡᠭᠲᠡᠢ᠃  ᠲᠥᠷᠥᠯ ᠵᠦᠢᠯ ᠢ ᠲᠠᠭᠠᠭᠠᠴᠢᠯᠠᠭᠰᠠᠨ ᠨᠢᠬᠡᠴᠡ ᠨᠢ  ᠣᠳᠣᠬᠠᠨ ᠤ  ︽ᠰᠢᠵᠢᠷ ᠠᠯᠳᠠᠨ ᠴᠠᠭ ᠬᠤᠭᠤᠴᠠᠭ᠎ᠠ︾ ᠶᠢ ᠵᠠᠪᠳᠤᠵᠤ᠂  ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠨ᠂ ᠡᠷᠲᠡᠬᠡᠨ ᠪᠦᠳᠦᠬᠡᠵᠦ  ᠡᠷᠲᠡᠬᠡᠨ ᠠᠰᠢᠭᠯᠠᠬᠤ ᠪᠠᠷ ᠴᠢᠷᠮᠠᠶᠢᠬᠤ ᠬᠡᠷᠡᠭᠲᠡᠢ ᠬᠡᠵᠦ  ᠴᠢᠬᠤᠯᠠᠴᠢᠯᠠᠵᠠᠢ᠃ ᠬᠤᠰᠢᠭᠤᠨ ᠤ ᠤᠳᠤᠷᠢᠳᠤᠯᠭ᠎ᠠ ᠵᠣᠣ ᠬᠠᠢ ᠯᠢ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号